ᠵᠠᠷᠤᠳ ︵ᠬᠠᠷ᠎ᠠ ᠪᠤᠭᠤ︶ 120 ᠲᠦᠮᠡᠨ ᠺᠢᠯᠣᠸᠠᠲ ᠤᠨ ᠤᠰᠤ ᠲᠠᠲᠠᠵᠤ ᠡᠨᠧᠷᠭᠢ ᠬᠠᠳᠠᠭᠠᠯᠠᠬᠤ ᠲᠥᠷᠥᠯ ᠵᠦᠢᠯ ᠤᠨ ᠤᠷᠢᠳᠴᠢᠯᠠᠨ ᠰᠤᠳᠤᠯᠵᠤ ᠪᠤᠯᠬᠤᠶᠢᠴᠠ ᠬᠠᠶᠢᠨ ᠰᠢᠨᠵᠢᠯᠡᠯᠲᠡ ᠶᠢᠨ ᠠᠵᠢᠯ ᠤᠨ ᠡᠬᠢᠯᠡᠯᠲᠡ ᠶᠢᠨ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2022/8/23
    8 ᠰᠠᠷ᠎ᠠ ᠶᠢᠨ 22 ᠤᠨ ᠡᠳᠦᠷ᠂ ᠵᠠᠷᠤᠳ ︵ᠬᠠᠷ᠎ᠠ ᠪᠤᠭᠤ︶  ᠤᠨ 120 ᠲᠦᠮᠡᠨ ᠺᠢᠯᠣᠸᠠᠲ ᠤᠨ ᠤᠰᠤ ᠲᠠᠲᠠᠵᠤ ᠡᠨᠧᠷᠭᠢ ᠬᠠᠳᠠᠭᠠᠯᠠᠬᠤ ᠲᠥᠷᠥᠯ ᠵᠦᠢᠯ ᠤᠨ ᠤᠷᠢᠳᠴᠢᠯᠠᠨ ᠰᠤᠳᠤᠯᠵᠤ ᠪᠤᠯᠬᠤᠶᠢᠴᠠ ᠬᠠᠶᠢᠨ ᠰᠢᠨᠵᠢᠯᠡᠯᠲᠡ ᠶᠢᠨ ᠠᠵᠢᠯ ᠤᠨ ᠡᠬᠢᠯᠡᠯᠲᠡ ᠶᠢᠨ ᠶᠣᠰᠣᠯᠠᠯ ᠶᠠᠪᠤᠭᠳᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠭᠦᠸᠧ ᠢᠦᠢ ᠹᠧᠩ᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠦᠲᠦᠭᠡᠨ ᠪᠠᠶᠢᠭᠤᠯᠤᠯᠲᠠ ᠶᠢᠨ ᠤᠮᠠᠷᠠᠲᠤ ᠣᠷᠣᠨ ᠤ ᠶᠡᠷᠦᠩᠬᠡᠢ ᠬᠡᠯᠲᠡᠰ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠤᠮᠠᠷᠠᠲᠤ ᠶᠢᠨ ᠪᠡᠯᠡ ᠣᠷᠣᠭᠤᠯᠤᠯᠲᠠ ᠶᠢᠨ ᠺᠣᠮᠫᠠᠨᠢ ᠶᠢᠨ ᠶᠡᠷᠦᠩᠬᠡᠢ ᠳᠠᠭᠠᠭᠠᠮᠠᠯ ᠵᠣᠣ ᠲᠤᠩ ᠱᠧᠩ᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠦᠲᠦᠭᠡᠨ ᠪᠠᠶᠢᠭᠤᠯᠤᠯᠲᠠ ᠶᠢᠨ ᠤᠮᠠᠷᠠᠲᠤ ᠣᠷᠣᠨ ᠤ ᠶᠡᠷᠦᠩᠬᠡᠢ ᠬᠡᠯᠲᠡᠰ᠂ ᠤᠮᠠᠷᠠᠲᠤ ᠶᠢᠨ ᠪᠡᠯᠡ ᠣᠷᠣᠭᠤᠯᠤᠯᠲᠠ ᠶᠢᠨ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ᠂ ᠥᠪᠥᠷ ᠮᠣᠩᠭᠤᠯ ᠤᠨ ᠶᠡᠷᠦᠩᠬᠡᠢ ᠬᠡᠯᠲᠡᠰ ᠤᠨ ᠶᠡᠷᠦᠩᠬᠡᠢ ᠳᠠᠭᠠᠭᠠᠮᠠᠯ ᠭᠧ ᠵᠢᠶᠠᠨ ᠵᠢᠶᠦ᠋ᠨ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠭᠤᠸᠠᠨ ᠬᠠᠢ ᠹᠧᠩ᠂  ᠬᠤᠰᠢᠭᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      
微信图片_20220823113445.jpg
     ᠱᠤᠤ ᠶᠠᠨ ᠵᠢᠶᠦ᠋ᠨ ᠪᠠᠶᠠᠷ ᠤᠨ ᠶᠠᠷᠢᠶᠠᠨ ᠳᠠᠭᠠᠨ᠂ ᠵᠠᠷᠤᠳ ᠬᠤᠰᠢᠭᠤᠨ ᠤ ᠭᠠᠵᠠᠷ ᠵᠦᠢ ᠶᠢᠨ ᠪᠠᠶᠢᠷᠢᠰᠢᠯ ᠳᠠᠪᠠᠭᠤᠯᠢᠭ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠡᠯᠪᠡᠭ᠂ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 216 ᠲᠦᠮᠡᠨ ᠺᠢᠯᠣᠸᠠᠲ ᠬᠦᠷᠴᠦ᠂ ᠡᠭᠦᠨ ᠳᠤ ᠰᠢᠨ᠎ᠡ ᠡᠨᠧᠷᠭᠢ ᠶᠢᠨ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 146 ᠲᠦᠮᠡᠨ ᠺᠢᠯᠣᠸᠠᠲ ᠬᠦᠷᠴᠦ᠂ ᠪᠦᠬᠦ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢᠨ 68%  ᠢ ᠡᠵᠡᠯᠡᠵᠦ᠂ ᠡᠷᠬᠢᠨ ᠲᠣᠭᠤᠷᠢᠨ ᠤ ᠭᠠᠵᠠᠷ ᠣᠷᠣᠨ ᠳᠤ ᠠᠮᠤᠷ ᠲᠦᠪᠰᠢᠨ ᠢᠶᠠᠷ ᠴᠠᠬᠢᠯᠭᠠᠨ ᠬᠠᠩᠭᠠᠵᠦ᠂ ᠠᠵᠤ ᠠᠬᠤᠢ ᠶᠢᠨ ᠠᠵᠢᠯᠯᠠᠭᠠᠨ ᠤ ᠲᠣᠭᠲᠠᠭᠤᠨ ᠢ ᠪᠠᠲᠤᠯᠠᠬᠤ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ ᠪᠠᠶᠢᠪᠠ᠃ ᠣᠶᠢᠷ᠎ᠠ ᠶᠢᠨ ᠵᠢᠯ ᠠᠴᠠ᠂ ᠵᠠᠷᠤᠳ ᠬᠤᠰᠢᠭᠤᠨ ᠤ ᠬᠢᠨ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠰᠢᠰᠲ᠋ᠧᠮ ᠳᠤ ᠲᠦᠷᠦᠯ ᠵᠦᠢᠯ ᠢ ᠲᠥᠯᠥᠪᠵᠢᠭᠦᠯᠬᠦ ᠶᠢ ᠴᠢᠩᠭ᠎ᠠ ᠠᠩᠬᠠᠷᠴᠤ᠂ ᠠᠷᠠᠯᠵᠢᠶᠠᠴᠢᠨ ᠤᠷᠢᠵᠤ ᠪᠡᠯᠡ ᠲᠠᠳᠠᠬᠤ ᠭᠡᠷ᠎ᠡ ᠲᠣᠭᠲᠠᠬᠤ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠨᠠᠷᠢᠨ ᠲᠠᠩᠰᠠ ᠶᠢ ᠲᠣᠬᠢᠷᠠᠭᠤᠯᠤᠨ ᠲᠦᠷᠦᠯ ᠵᠦᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠴᠢᠬᠤᠯᠠ ᠬᠦᠴᠤᠨ ᠵᠤᠶᠢᠯ ᠤᠨ ᠦᠢᠯᠡᠴᠢᠯᠡᠭᠡᠨ ᠤ ᠪᠠᠲᠤᠯᠠᠪᠤᠷᠢ ᠶᠢᠨ ᠲᠦᠷᠦᠯ ᠵᠦᠢᠯ ᠢ ᠬᠤᠷᠠᠮᠳᠤᠭᠤᠯᠵᠤ᠂ ᠨᠢᠭᠡ ᠪᠦᠯᠦᠭ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠰᠢᠨ᠎ᠡ ᠨᠢᠭᠡ ᠡᠭᠡᠯᠵᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠯᠠᠭᠤᠨ ᠥᠷᠨᠢᠯᠲᠡ ᠶᠢ ᠪᠤᠢ ᠪᠣᠯᠭᠠᠭᠰᠠᠨ ᠪᠠᠶᠢᠨ᠎ᠠ᠃ ᠤᠰᠤ ᠲᠠᠲᠠᠵᠤ ᠡᠨᠧᠷᠭᠢ ᠬᠠᠳᠠᠭᠠᠯᠠᠬᠤ ᠲᠥᠷᠥᠯ ᠵᠦᠢᠯ ᠨᠢ ︽ᠬᠤᠣᠰ ᠨᠡᠭᠦᠷᠡᠰᠦᠲᠥ᠋ᠷᠥᠭᠴᠢ︾ ᠶᠢᠨ ᠬᠠᠷᠠᠯᠲᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠤᠯᠤᠰ ᠤᠨ ᠰᠢᠨ᠎ᠡ ᠡᠨᠧᠷᠭᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ  ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠭᠤᠣᠯᠳᠠᠯᠭ᠎ᠠ ᠲᠠᠢ ᠲᠥᠷᠥᠯ ᠵᠦᠢᠯ ᠪᠣᠯᠤᠭᠰᠠᠨ ᠤ ᠬᠤᠪᠢ ᠳᠤ᠂ ᠵᠠᠷᠤᠳ ᠬᠤᠰᠢᠭᠤᠨ ᠳᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠣᠶᠢᠵᠢᠭᠤᠯᠤᠨ ᠥᠭᠴᠦ᠂ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠠᠬᠤᠢ ᠶᠢ ᠬᠥᠭᠵᠢᠭᠦᠯᠬᠦ ᠳᠤ ᠳᠤᠷᠤᠨ᠎ᠠ ᠶᠢᠨ ᠰᠠᠯᠬᠢ ᠶᠢ ᠠᠪᠴᠢᠷᠠᠵᠤ ᠦᠭᠬᠦ ᠨᠢ ᠯᠠᠪᠳᠠᠢ᠂ ᠲᠦᠷᠦᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠲᠦᠩᠯᠢᠶᠣᠣ ᠶᠢᠨ ᠰᠢᠨ᠎ᠡ ᠡᠨᠧᠷᠭᠢ ᠶᠢ ᠰᠢᠩᠭᠡᠬᠡᠨ ᠠᠪᠬᠤ ᠨᠡᠭᠦᠷᠡᠰᠦᠲᠥ᠋ᠷᠥᠭᠴᠢ ᠶᠢ ᠭᠠᠳᠠᠭᠰᠢᠯᠠᠭᠤᠯᠬᠤ ᠤᠷᠬᠢᠯ ᠢ ᠵᠣᠬᠢᠴᠠᠭᠤᠯᠬᠤ ᠴᠢᠳᠠᠪᠤᠷᠢ ᠶᠢ ᠶᠡᠬᠡᠪᠡᠷ ᠨᠡᠮᠡᠭᠳᠡᠭᠦᠯᠵᠦ᠂ ᠪᠦᠬᠦ ᠬᠤᠲᠠ ᠴᠢᠨᠠᠭᠰᠢᠯᠠᠪᠠᠯ ᠥᠪᠥᠷ ᠮᠣᠩᠭᠤᠯ ᠤᠨ ᠵᠡᠭᠦᠨ ᠬᠡᠰᠡᠭ  ᠤᠨ ᠭᠠᠵᠠᠷ ᠣᠷᠣᠨ ᠤ ᠡᠨᠧᠷᠭᠢ ᠶᠢᠨ ᠪᠠᠲᠤᠯᠠᠪᠤᠷᠢ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠤᠯᠠᠨ ᠡᠰᠢᠲᠦ ᠴᠡᠪᠡᠷ ᠥᠨᠳᠥᠷ ᠪᠦᠲᠦᠮᠵᠢᠲᠡᠢ ᠡᠨᠧᠷᠭᠢ ᠶᠢᠨ ᠰᠢᠰᠲ᠋ᠧᠮ ᠢ ᠪᠠᠶᠢᠭᠤᠯᠬᠤ᠂ ᠡᠨᠧᠷᠭᠢ ᠶᠢᠨ ᠠᠮᠤᠷ ᠲᠦᠪᠰᠢᠨ ᠢ ᠬᠠᠮᠠᠭᠠᠯᠠᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠵᠢᠭᠠᠵᠤ ᠭᠠᠷᠭᠠᠪᠠ᠃     
微信图片_20220823113457.jpg   
     ᠱᠣᠣ ᠶᠠᠨ ᠵᠢᠶᠦ᠋ᠨ ᠢᠯᠡᠷᠬᠡᠶᠢᠯᠡᠬᠦ ᠳᠡᠭᠡᠨ᠂ ᠪᠢᠳᠡ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ  ᠲᠠᠢ ᠨᠢᠭᠲᠠ ᠤᠶᠠᠯᠳᠤᠭᠤᠯᠤᠨ᠂ ᠪᠦᠬᠦ ᠬᠤᠳᠠ ᠶᠢᠨ ᠢᠷᠡᠭᠡᠳᠦᠢ ᠶᠢᠨ ᠡᠨᠧᠷᠭᠢ ᠶᠢᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠢᠶᠠᠨ ᠬᠤᠪᠢᠷᠠᠭᠤᠯᠬᠤ᠂ ᠪᠦᠬᠦ ᠬᠤᠳᠠ ᠶᠢᠨ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠥᠨᠳᠥᠷᠴᠡ ᠳᠤ ᠵᠣᠭᠰᠣᠵᠤ᠂ ︽ᠲᠦᠷᠦᠯ ᠵᠦᠢᠯ ᠢ ᠰᠦᠪᠡᠭᠴᠢᠯᠡᠬᠦ ᠪᠣᠯ ᠳᠠᠷᠤᠢ ᠢᠷᠡᠭᠡᠳᠦᠢ ᠶᠢ ᠲᠦᠯᠤᠪᠯᠡᠬᠦ᠂ ᠲᠦᠷᠦᠯ ᠵᠦᠢᠯ ᠢ ᠠᠳᠬᠤᠬᠤ ᠪᠣᠯ ᠳᠠᠷᠤᠢ ᠬᠥᠭᠵᠢᠯᠲᠡ ᠶᠢ ᠠᠳᠬᠤᠬᠤ︾ ᠣᠶᠢᠯᠠᠭᠠᠭᠳᠠᠬᠤᠨ ᠢ ᠪᠠᠷᠢᠮᠲᠠᠯᠠᠵᠤ᠂ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠤᠨᠤᠴᠠᠳᠠᠢ ᠬᠦᠴᠦᠯᠡᠵᠦ᠂ ᠦᠨᠡᠨ ᠰᠡᠳᠬᠢᠯ ᠠᠴᠠ ᠪᠠᠨ ᠬᠦᠴᠦ ᠣᠷᠣᠭᠤᠯᠤᠨ ᠰᠢᠯᠢᠳᠡᠭ ᠦᠢᠯᠡᠴᠢᠯᠡᠭᠡ ᠬᠠᠩᠭᠠᠵᠤ᠂ ᠪᠣᠳᠠᠲᠠᠢ ᠬᠦᠴᠢᠷᠳᠡᠯ ᠪᠣᠯᠣᠨ ᠠᠰᠠᠭᠤᠳᠠᠯ ᠢ ᠢᠳᠡᠪᠬᠢᠲᠡᠢ ᠵᠣᠬᠢᠴᠠᠭᠤᠯᠤᠨ ᠰᠢᠢᠳᠪᠦᠷᠢᠯᠡᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠪᠠᠳᠤᠯᠠᠭ᠎ᠠ ᠬᠠᠩᠭᠠᠨ ᠥᠭᠬᠦ ᠬᠡᠷᠡᠭᠲᠡᠢ᠃ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠪᠠᠷᠢᠯᠭ᠎ᠠ ᠶᠢᠨ ᠬᠤᠭᠤᠴᠠᠭ᠎ᠠ ᠪᠠᠨ ᠡᠳᠤᠷ ᠲᠤᠭᠠᠯᠠᠨ ᠲᠣᠬᠢᠷᠠᠭᠤᠯᠵᠤ᠂ ᠵᠢᠷᠤᠭ ᠡᠯᠭᠦᠨ ᠠᠵᠢᠯᠯᠠᠨ᠂ ᠠᠮᠤᠷ ᠲᠦᠪᠰᠢᠨ ᠪᠠ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ᠂ ᠥᠨᠳᠥᠷ ᠪᠠᠷᠢᠮᠵᠢᠶ᠎ᠠ ᠲᠠᠢ᠂ ᠥᠨᠳᠥᠷ ᠦᠷ᠎ᠡ ᠪᠦᠲᠦᠮᠵᠢ ᠲᠠᠢ ᠪᠠᠷ ᠠᠬᠢᠭᠤᠯᠵᠤ᠂ ᠡᠷᠳᠡᠭᠡᠨ ᠪᠠᠶᠢᠭᠤᠯᠵᠤ᠂ ᠡᠷᠳᠡᠭᠡᠨ ᠠᠰᠢᠭᠯᠠᠯᠲᠠ ᠳᠤ ᠣᠷᠣᠭᠤᠯᠵᠤ᠂ ᠡᠷᠳᠡᠭᠡᠨ ᠦᠷ᠎ᠡ ᠪᠦᠲᠦᠮᠵᠢ ᠣᠯᠬᠤ ᠪᠠᠷ ᠴᠢᠷᠮᠠᠶᠢᠵᠤ᠂ ᠵᠠᠷᠤᠳ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠭᠦ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠃ ᠡᠭᠦᠨ ᠤ ᠬᠠᠮᠲᠤ᠂ ᠠᠵᠤ ᠠᠬᠤᠶᠢᠯᠠᠯ ᠤᠨ ᠬᠢᠨ ᠠᠵᠢᠯ ᠲᠥᠷᠥᠯ ᠤᠨ ᠳᠠᠭᠠᠭᠤᠯᠤᠭᠴᠢ ᠪᠤᠯᠤᠭᠰᠠᠨ ᠦᠢᠯᠡᠳᠦᠯ ᠢᠶᠠᠨ ᠪᠠᠳᠠᠷᠠᠭᠤᠯᠵᠤ᠂ ᠨᠠᠩ ᠣᠯᠠᠨ ᠳᠡᠭᠡᠳᠦ ᠳᠣᠣᠷᠠᠳᠤ ᠤᠷᠤᠰᠬᠠᠯ ᠤᠨ ᠠᠵᠤ ᠠᠬᠤᠶᠢᠯᠠᠯ ᠢ ᠲᠡᠳᠡᠨ ᠳᠠᠭᠠᠭᠤᠯᠵᠤ ᠪᠠᠶᠢᠭᠠᠳ  ᠵᠠᠷᠤᠳ ᠲᠤ ᠪᠡᠯᠡ ᠣᠷᠣᠭᠤᠯᠤᠨ ᠦᠢᠯᠡᠰ ᠪᠤᠰᠬᠠᠵᠦ᠂ ᠵᠠᠷᠤᠳ ᠤᠨ ᠴᠢᠨᠠᠷ ᠰᠠᠶᠢᠲᠠᠢ ᠬᠥᠭᠵᠢᠯᠲᠡ ᠶᠢᠨ ᠠᠯᠬᠤᠴᠠ ᠶᠢ ᠲᠦᠷᠭᠡᠳᠬᠡᠬᠦ ᠶᠢ ᠬᠦᠰᠡᠵᠦ ᠪᠠᠶᠢᠨ᠎ᠠ ᠭᠡᠪᠡ᠃      
微信图片_20220823113502.jpg
    ᠵᠣᠣ ᠲᠦᠩ ᠱᠧᠩ᠄ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠦᠲᠦᠭᠡᠨ ᠪᠠᠶᠢᠭᠤᠯᠤᠯᠲᠠ ᠶᠢᠨ ᠬᠢᠨ ᠢᠮᠠᠭᠲᠠ ᠪᠣᠬᠢᠷᠳᠤᠯ ᠦᠭᠡᠢ ᠬᠥᠭᠵᠢᠯᠲᠡ ᠶᠢ ᠴᠢᠬᠤᠯᠠᠴᠢᠯᠠᠵᠤ᠂ ︽ᠤᠯᠤᠰ ᠤᠨ ᠴᠠᠬᠢᠯᠭᠠᠨ ᠬᠦᠴᠤᠨ ᠤ ᠠᠩᠭᠢ︾ ᠶᠢᠨ ᠳᠠᠪᠠᠭᠤᠯᠢᠭ ᠢᠶᠠᠨ ᠢᠳᠡᠪᠬᠢᠲᠡᠢ ᠪᠠᠳᠠᠷᠠᠭᠤᠯᠵᠤ᠂ ᠲᠥᠪ ᠤᠨ ᠠᠵᠤ ᠠᠬᠤᠶᠢᠯᠠᠯ ᠤᠨ ᠡᠭᠦᠷᠭᠡ ᠬᠠᠷᠢᠭᠤᠴᠠᠯᠭ᠎ᠠ  ᠪᠠᠨ ᠭᠦᠢᠴᠡᠳᠬᠡᠨ᠂ ᠲᠣᠰ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ︽ᠬᠤᠣᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠵᠦ᠂ ᠬᠥᠬᠡᠮᠳᠦᠭ ᠨᠣᠭᠤᠭᠠᠨ ᠠᠭᠤᠯᠠ ᠤᠰᠤ ᠶᠢ ᠪᠣᠬᠢᠷᠳᠤᠯ ᠦᠭᠡᠢ ᠬᠥᠳᠡᠯᠭᠡᠭᠦ ᠬᠦᠴᠦᠨ ᠪᠤᠯᠭᠠᠨ ᠬᠥᠭᠵᠢᠭᠡᠨ᠂ ᠣᠷᠣᠨ ᠨᠤᠲᠤᠭ ᠤᠨ ᠠᠮᠢ ᠠᠬᠤᠢ ᠶᠢᠨ ᠡᠬᠢ ᠪᠠᠶᠠᠯᠢᠭ ᠤᠨ ᠳᠠᠪᠠᠭᠤᠯᠢᠭ ᠢᠶᠠᠨ ᠠᠵᠤ ᠠᠬᠤᠢ ᠶᠢᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠵᠠᠷᠤᠳ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠳᠤ ᠴᠠᠬᠢᠯᠭᠠᠨ ᠬᠦᠴᠦᠨ ᠤ ᠪᠦᠲᠦᠭᠡᠨ ᠪᠠᠶᠢᠭᠤᠯᠤᠯᠲᠠ ᠶᠢᠨ ᠣᠶᠤᠨ ᠤᠬᠠᠭᠠᠨ ᠪᠠ ᠬᠦᠴᠦᠨ ᠴᠢᠳᠠᠯ ᠢ ᠨᠡᠮᠡᠷᠢᠯᠡᠨ᠎ᠡ ᠭᠡᠪᠡ᠃     
微信图片_20220823113507.jpg
     ᠡᠬᠢᠯᠡᠯᠲᠡ ᠶᠢᠨ ᠶᠣᠰᠣᠯᠠᠯ ᠳᠡᠭᠡᠷ᠎ᠡ᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠦᠲᠦᠭᠡᠨ ᠪᠠᠶᠢᠭᠤᠯᠤᠯᠲᠠ ᠶᠢᠨ ᠪᠡᠭᠡᠵᠢᠩ ᠳᠠᠬᠢ ᠶᠡᠷᠦᠩᠬᠡᠢ ᠢᠨᠵᠧᠨᠧᠷ ᠴᠢ ᡁᠢ ᠴᠧᠩ  ᠠᠴᠠ ᠵᠠᠷᠤᠳ ︵ᠬᠠᠷ᠎ᠠ ᠪᠤᠭᠤ︶ ᠤᠨ ᠤᠰᠤ ᠲᠠᠲᠠᠵᠤ ᠡᠨᠧᠷᠭᠢ ᠬᠠᠳᠠᠭᠠᠯᠠᠬᠤ ᠲᠥᠷᠥᠯ ᠵᠦᠢᠯ ᠤᠨ ᠪᠠᠶᠢᠳᠠᠯ ᠢ ᠲᠠᠨᠢᠯᠴᠠᠭᠤᠯᠪᠠ︔ ᠭᠧ ᠵᠢᠶᠠᠨ ᠵᠢᠶᠦ᠋ᠨ᠂ ᠱᠤᠤ ᠶᠠᠨ ᠵᠢᠶᠦ᠋ᠨ ᠲᠦᠷᠦᠯ ᠵᠦᠢᠯ ᠤᠨ ᠪᠡᠯᠡᠳᠬᠡᠯ ᠬᠢᠬᠦ ᠭᠠᠵᠠᠷ ᠤᠨ ᠫᠠᠶᠢᠰᠠ ᠡᠯᠭᠦᠪᠡ︔ ᠭᠦᠸᠧ ᠢᠦᠢ ᠹᠧᠩ ᠵᠠᠷᠤᠳ ︵ᠬᠠᠷ᠎ᠠ ᠪᠤᠭᠤ︶  ᠤᠨ 120 ᠲᠦᠮᠡᠨ ᠺᠢᠯᠣᠸᠠᠲ ᠤᠨ ᠤᠰᠤ ᠲᠠᠲᠠᠵᠤ ᠡᠨᠧᠷᠭᠢ ᠬᠠᠳᠠᠭᠠᠯᠠᠬᠤ ᠲᠦᠷᠦᠯ ᠵᠦᠢᠯ ᠤᠨ ᠤᠷᠢᠳᠴᠢᠯᠠᠨ ᠰᠤᠳᠤᠯᠵᠤ ᠪᠤᠯᠬᠤᠶᠢᠴᠠ ᠬᠠᠶᠢᠨ ᠪᠠᠶᠢᠴᠠᠭᠠᠯᠲᠠ ᠵᠢᠩᠬᠢᠨᠢ ᠪᠠᠷ ᠡᠬᠢᠯᠡᠭᠰᠡᠨ ᠢ ᠵᠠᠷᠯᠠᠪᠠ︔ ᠭᠦᠸᠧ ᠢᠦᠢ ᠹᠧᠩ᠂ ᠵᠤᠤ ᠲᠤᠩ ᠱᠧᠩ᠂  ᠭᠧ ᠵᠢᠶᠠᠨ ᠵᠢᠶᠦ᠋ᠨ᠂ ᠭᠤᠸᠠᠨ ᠬᠠᠢ ᠹᠧᠩ᠂ ᠱᠤᠤ ᠶᠠᠨ ᠵᠢᠶᠦ᠋ᠨ ᠬᠠᠮᠲᠤ ᠪᠠᠷ ᠵᠠᠷᠤᠳ ︵ᠬᠠᠷ᠎ᠠ ᠪᠤᠭᠤ︶  ᠤᠨ 120 ᠲᠦᠮᠡᠨ ᠺᠢᠯᠣᠸᠠᠲ ᠤᠨ ᠤᠰᠤ ᠲᠠᠲᠠᠵᠤ ᠡᠨᠧᠷᠭᠢ ᠬᠠᠳᠠᠭᠠᠯᠠᠬᠤ ᠲᠦᠷᠦᠯ ᠵᠦᠢᠯ ᠤᠨ ᠪᠡᠯᠡᠳᠬᠡᠯ ᠰᠤᠳᠤᠯᠭᠠᠨ ᠤ ᠬᠠᠶᠢᠨ ᠪᠠᠶᠢᠴᠠᠭᠠᠯᠲᠠ ᠶᠢ ᠡᠬᠢᠯᠡᠭᠦᠯᠪᠡ᠃     
微信图片_20220823113512.jpg
    ᠣᠶᠢᠯᠠᠭᠠᠭᠰᠠᠨ ᠢᠶᠠᠷ᠂ ᠳᠤᠮᠳᠠᠳᠤ ᠤᠯᠤᠰ ᠤᠨ ᠴᠠᠬᠢᠯᠭᠠᠨ ᠬᠦᠴᠤᠨ ᠤ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ 84 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠤᠯᠠᠭᠠᠨᠬᠠᠳᠠ ᠰᠤᠮᠤᠨ ᠳᠤ 120 ᠲᠦᠮᠡᠨ ᠺᠢᠯᠣᠸᠠᠲ ᠤᠨ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠭᠠᠷᠭᠠᠬᠤ ᠦᠷᠳᠡᠭᠡ ᠶᠢᠨ ᠲᠥᠷᠥᠯ ᠵᠦᠢᠯ ᠢ ᠪᠠᠶᠢᠭᠤᠯᠬᠤ ᠪᠠᠷ ᠲᠥᠯᠥᠪᠯᠡᠵᠦ ᠪᠣᠶ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠵᠢᠱᠢᠯᠲᠡ ᠪᠠᠷ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ 22 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠵᠢᠯ ᠳᠤ 1.5 ᠳ᠋ᠦᠩᠰᠢᠭᠤᠷ ᠲᠥᠭᠦᠷᠢᠭ ᠤᠨ ᠭᠠᠶᠢᠯᠢ ᠶᠢᠨ ᠣᠷᠣᠯᠭ᠎ᠠ ᠪᠡᠶᠡᠯᠡᠭᠦᠯᠵᠦ᠂ ᠵᠢᠯ ᠪᠦᠷᠢ ᠪᠠᠷᠢᠮᠵᠢᠶᠠᠲᠤ ᠨᠡᠭᠦᠷᠡᠰᠦ ᠶᠢ 10 ᠲᠦᠮᠡᠨ ᠲᠣᠨ ᠠᠴᠠ ᠲᠡᠭᠡᠭᠰᠢ ᠠᠷᠪᠢᠯᠠᠵᠤ᠂  ᠭᠠᠵᠠᠷ ᠤᠷᠤᠨ ᠤ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠤᠩᠬᠡᠢ ᠥᠷᠲᠡᠭ ᠢ 200 ᠭᠠᠷᠤᠢ ᠳ᠋ᠦᠩᠰᠢᠭᠤᠷ ᠲᠥᠭᠦᠷᠢᠭ ᠲᠠᠶᠢᠴᠢᠯᠠᠨ ᠨᠡᠮᠡᠭᠳᠡᠭᠦᠯᠤᠨ᠎ᠡ᠃      ᠬᠤᠰᠢᠭᠤᠨ ᠤ ᠤᠳᠤᠷᠢᠳᠤᠯᠭ᠎ᠠ ᠦ᠋ ᠴᠢᠩ ᠬᠠᠢ᠂ ᠯᠢᠦ ᠶᠦᠩ᠂ ᠪᠠᠲᠤ᠂ ᠯᠢ ᠶᠦᠩ ᠬᠠᠢ᠂ ᠳ᠋ᠢᠩ ᡁᠢ ᠭᠠᠩ᠂ ᠳ᠋ᠠᠢ ᠪᠦᠦ ᠯᠢᠨ ᠪᠣᠯᠣᠨ ᠬᠤᠲᠠ ᠬᠤᠰᠢᠭᠤ ᠬᠤᠶᠠᠷ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号