ᠵᠠᠷᠤᠳ ᠬᠤᠰᠢᠭᠤ ᠠᠵᠤ ᠦᠢᠯᠡᠰ ᠤᠨ ᠲᠣᠭᠤᠷᠢᠭ ᠤᠨ ᠰᠤᠯᠠ ᠪᠠᠶᠢᠭ᠎ᠠ ᠡᠬᠢ ᠪᠠᠶᠠᠯᠢᠭ ᠢᠶᠠᠨ ᠶᠡᠭᠡ ᠪᠠᠷ ᠠᠰᠢᠭᠯᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2022/8/24
      8 ᠰᠠᠷ᠎ᠠ ᠶᠢᠨ 23 ᠤ ᠡᠳᠦᠷ᠂ ᠵᠠᠷᠤᠳ ᠬᠤᠰᠢᠭᠤ ᠠᠵᠤ ᠦᠢᠯᠡᠰ ᠤᠨ ᠲᠣᠭᠤᠷᠢᠭ ᠤᠨ ᠰᠤᠯᠠ ᠪᠠᠶᠢᠭ᠎ᠠ ᠡᠬᠢ ᠪᠠᠶᠠᠯᠢᠭ ᠢᠶᠠᠨ ᠶᠡᠭᠡ ᠪᠠᠷ ᠠᠰᠢᠭᠯᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠢᠪᠡ᠃ ᠳᠡᠳ᠋ ᠬᠤᠰᠢᠭᠤᠨ ᠳᠠᠷᠤᠭ᠎ᠠ ᠯᠢ ᠶᠦᠩ ᠬᠠᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃      
微信图片_20220824103158.jpg
      ᠬᠤᠷᠠᠯ ᠠᠴᠠ ᠪᠥᠬᠦ ᠬᠤᠰᠢᠭᠤᠨ ᠤ ᠠᠵᠤ ᠦᠢᠯᠡᠰ ᠤᠨ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ᠂ ᠭᠠᠷ ᠭᠦᠢᠴᠡᠳᠭᠡᠯ ᠬᠢᠭᠰᠡᠨ ᠦᠭᠡᠢ ᠲᠥᠷᠥᠯ ᠵᠦᠢᠯ ᠂ ᠲᠣᠭᠤᠷᠢᠭ ᠤᠨ ᠭᠠᠵᠠᠷ ᠰᠢᠷᠣᠢ ᠶᠢᠨ ᠠᠰᠢᠭᠯᠠᠯᠲᠠ ᠶᠢᠨ ᠪᠠᠶᠢᠳᠠᠯ ᠪᠠ 2016 ᠣᠨ ᠠᠴᠠ ᠨᠠᠰᠢᠬᠢ ᠲᠣᠭᠤᠷᠢᠭ ᠳᠤ ᠣᠷᠣᠭᠰᠠᠨ ᠲᠥᠷᠥᠯ ᠵᠦᠢᠯ ᠤᠨ ᠪᠠᠶᠢᠳᠠᠯ᠂ ᠦᠢᠯᠡᠳᠪᠦᠷᠢᠯᠡᠯ ᠢᠶᠠᠨ ᠵᠣᠭᠰᠣᠭᠠᠭᠰᠠᠨ ᠠᠵᠤ ᠠᠬᠤᠶᠢᠯᠠᠯ ᠪᠠ ᠪᠠᠶᠢᠭᠤᠯᠬᠤ ᠪᠠᠨ ᠵᠣᠭᠰᠣᠭᠰᠠᠨ ᠲᠥᠷᠥᠯ ᠵᠦᠢᠯ ᠤᠨ ᠪᠠᠶᠢᠳᠠᠯ᠂ ᠲᠣᠭᠤᠷᠢᠭ ᠤᠨ ᠡᠵᠡᠮᠳᠡᠯ ᠤᠨ ᠴᠢᠨᠠᠷᠲᠠᠢ ᠭᠦᠢᠴᠡᠳᠬᠡᠯ ᠲᠤᠭ᠎ᠠ ᠵᠡᠷᠭᠡ ᠶᠢ ᠶᠠᠷᠢᠯᠴᠠᠨ ᠰᠤᠳᠤᠯᠵᠤ᠂ ᠠᠵᠤ ᠦᠢᠯᠡᠰ ᠤᠨ ᠲᠣᠭᠤᠷᠢᠭ ᠤᠨ ᠰᠤᠯᠠ ᠪᠠᠶᠢᠭ᠎ᠠ ᠡᠬᠢ ᠪᠠᠶᠠᠯᠢᠭ ᠢᠶᠠᠨ ᠶᠡᠭᠡ ᠪᠠᠷ ᠠᠰᠢᠭᠯᠠᠬᠤ ᠠᠵᠢᠯ ᠢ ᠳᠠᠬᠢᠨ ᠳᠠᠶᠢᠴᠢᠯᠠᠵᠤ ᠳᠠᠬᠢᠨ ᠪᠠᠶᠢᠷᠢᠯᠠᠭᠤᠯᠪᠠ᠃    
微信图片_20220824103153.jpg
     ᠯᠢ ᠶᠦᠩ ᠬᠠᠢ ᠵᠢᠭᠠᠵᠤ ᠭᠠᠷᠭᠠᠭᠰᠠᠨ ᠨᠢ᠂ ᠠᠵᠤ ᠦᠢᠯᠡᠰ ᠤᠨ ᠲᠣᠭᠤᠷᠢᠭ ᠪᠣᠯ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠭᠤᠣᠯ ᠲᠡᠶᠢᠨ ᠤ ᠲᠠᠯᠠᠪᠤᠷ ᠮᠥᠨ᠂ ᠠᠵᠤ ᠦᠢᠯᠡᠰ ᠤᠨ ᠲᠣᠭᠤᠷᠢᠭ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠰᠠᠶᠢᠲᠤᠷ ᠠᠳᠬᠤᠪᠠᠯ ᠰᠠᠶ᠋ᠢ ᠠᠵᠤ ᠠᠬᠤᠢ ᠶᠢᠨ ᠬᠥᠭᠵᠢᠯᠲᠡ ᠶᠢᠨ ᠵᠠᠩᠭᠢᠯᠠᠭ᠎ᠠ ᠶᠢ ᠠᠳᠬᠤᠵᠤ ᠴᠢᠳᠠᠨ᠎ᠠ᠃ ᠠᠵᠤ ᠦᠢᠯᠡᠰ ᠤᠨ ᠲᠣᠭᠤᠷᠢᠭ ᠤᠨ ᠰᠤᠯᠠ ᠪᠠᠶᠢᠭ᠎ᠠ ᠡᠬᠢ ᠪᠠᠶᠠᠯᠢᠭ ᠢ ᠠᠮᠢᠯᠠᠭᠤᠯᠵᠦ᠂ ︽ᠰᠤᠯᠠ ᠪᠠᠶᠢᠭ᠎ᠠ︾ ᠡᠳ᠋ ᠬᠥᠷᠥᠩᠭᠡ ᠶᠢ ︽ᠠᠮᠢᠳᠤᠯᠢᠭ︾ ᠬᠥᠷᠥᠩᠭᠡ ᠪᠣᠯᠭᠠᠨ ᠬᠤᠪᠢᠷᠠᠭᠤᠯᠵᠤ᠂ ︽ᠬᠥᠭᠵᠢᠯᠲᠡ ᠶᠢᠨ ᠳᠠᠷᠤᠭᠠᠰᠤ︾ ᠪᠠᠨ ᠬᠥᠭᠵᠢᠯᠲᠡ ᠶᠢᠨ ᠣᠷᠣᠨ ᠵᠠᠢ ᠪᠣᠯᠭᠠᠨ ᠬᠤᠪᠢᠷᠠᠭᠤᠯᠬᠤ ᠬᠡᠷᠡᠭᠲᠡᠢ᠃ ᠰᠤᠯᠠᠷᠠᠭᠤᠯᠤᠯ ᠦᠭᠡᠢ ᠴᠢᠩᠭ᠎ᠠ ᠠᠳᠬᠤᠵᠤ᠂ ᠲᠠᠷᠤᠶᠢᠬᠠᠨ ᠭᠦᠢᠴᠡᠳᠭᠡᠬᠦ ᠶᠢ ᠴᠢᠩᠭ᠎ᠠ ᠠᠳᠬᠤᠵᠤ᠂  ᠵᠣᠷᠢᠭ ᠢᠶᠠᠨ ᠬᠥᠪᠴᠢᠯᠡᠨ᠂ ᠦᠷᠭᠦᠯᠵᠢᠯᠡᠨ ᠬᠦᠴᠦᠯᠡᠵᠦ᠂ ᠡᠬᠢ ᠪᠠᠶᠠᠯᠢᠭ ᠢᠶᠠᠨ ᠠᠷᠪᠢᠲᠠᠢ ᠡᠷᠴᠢᠮᠯᠢᠭ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠲᠠᠰᠤᠷᠠᠯᠲᠠ ᠦᠭᠡᠢ ᠲᠦᠯᠬᠢᠨ ᠠᠬᠢᠭᠤᠯᠵᠤ᠂ ᠡᠬᠢ ᠪᠠᠶᠠᠯᠢᠭ ᠢᠶᠠᠨ ᠠᠰᠢᠭᠯᠠᠬᠤ ᠦᠷ᠎ᠡ ᠪᠦᠲᠦᠮᠵᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠬᠤ ᠬᠡᠷᠡᠭᠲᠡᠢ ᠭᠡᠪᠡ᠃       
微信图片_20220824103136.jpg
      ᠯᠢ ᠶᠦᠩ ᠬᠠᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠵᠤ ᠦᠢᠯᠡᠰ ᠤᠨ ᠲᠣᠭᠤᠷᠢᠭ ᠤᠨ ᠰᠤᠯᠠ ᠪᠠᠶᠢᠭ᠎ᠠ ᠡᠬᠢ ᠪᠠᠶᠠᠯᠢᠭ ᠢᠶᠠᠨ ᠠᠰᠢᠭᠯᠠᠬᠤ ᠰᠠᠭᠤᠷᠢ ᠠᠵᠢᠯ ᠤᠨ ᠲᠤᠯᠭᠠᠮ᠎ᠠ ᠴᠢᠨᠠᠷ᠂ ᠴᠢᠬᠤᠯᠠ ᠴᠢᠨᠠᠷ ᠢ ᠭᠦᠢᠴᠡᠳ ᠲᠠᠨᠢᠵᠤ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠦᠨᠡᠨᠬᠦ ᠨᠢᠭᠡᠳᠬᠡᠵᠦ᠂ ᠠᠵᠢᠯ ᠤᠨ ᠲᠥᠰᠥᠯ ᠢ ᠴᠢᠩᠭ᠎ᠠ ᠵᠢᠷᠤᠮᠯᠠᠨ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ᠂ ᠪᠦᠬᠦᠯᠢ ᠴᠣᠭᠴᠠ ᠪᠠᠷ ᠠᠬᠢᠭᠤᠯᠤᠭᠰᠠᠨ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠲᠥᠷᠥᠯ ᠵᠦᠢᠯ ᠤᠨ ᠪᠠᠶᠢᠳᠠᠯ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠠᠵᠢᠯ ᠤᠨ ᠲᠥᠰᠥᠯ ᠢᠶᠠᠨ ᠦᠳᠲᠡᠷ ᠲᠦᠷᠭᠡᠨ ᠲᠣᠭᠲᠠᠭᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠡᠬᠡ ᠲᠠᠩᠰᠠ ᠪᠠᠶᠢᠭᠤᠯᠤᠨ ᠬᠠᠮᠢᠶᠠᠷᠤᠯᠲᠠ ᠬᠢᠬᠦ ᠶᠢ ᠬᠡᠷᠡᠭᠵᠢᠭᠦᠯᠵᠦ᠂ ᠴᠠᠭ ᠤᠨ ᠬᠢᠵᠠᠭᠠᠷ ᠱᠠᠭᠠᠷᠳᠠᠯᠭ᠎ᠠ ᠶᠢ ᠲᠣᠳᠣᠷᠬᠠᠶᠢᠯᠠᠨ᠂ ᠪᠥᠬᠦ ᠲᠠᠯ᠎ᠠ ᠪᠠᠷ ᠥᠪᠡᠷ ᠤᠨ ᠪᠠᠶᠢᠴᠠᠭᠠᠯᠲᠠ ᠬᠢᠬᠦ ᠠᠴᠠ ᠡᠬᠢᠯᠡᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠵᠦᠢᠯ ᠵᠤᠷᠪᠤᠰ ᠳᠠᠷᠠᠭᠠᠯᠠᠨ ᠰᠠᠶᠢᠲᠤᠷ ᠠᠳᠬᠤᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠢᠯᠡᠷᠡᠭᠦᠯᠦᠭᠰᠡᠨ ᠠᠰᠠᠭᠤᠳᠠᠯ ᠢ ᠨᠢᠭᠡᠳ ᠨᠢᠭᠡ ᠪᠠᠷ ᠪᠠᠶᠢᠴᠠᠭᠠᠵᠤ᠂ ᠭᠦᠢᠴᠡᠳ ᠰᠤᠳᠤᠯᠤᠨ ᠮᠠᠭᠠᠳᠯᠠᠵᠤ᠂ ᠪᠦᠬᠦ ᠲᠠᠯ᠎ᠠ ᠪᠠᠷ ᠡᠴᠦᠰ  ᠲᠤᠨᠢ ᠲᠤᠯᠲᠠᠯ᠎ᠠ᠂ ᠪᠦᠬᠦᠨ ᠢ ᠴᠡᠪᠡᠷᠯᠡᠨ ᠰᠢᠢᠳᠪᠦᠷᠢᠯᠡᠵᠦ᠂ ᠬᠢᠨᠠᠯᠲᠠ ᠲᠠᠯᠪᠢᠬᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠴᠢᠩᠭ᠎ᠠ ᠲᠣᠳᠣᠷᠬᠠᠢ ᠠᠵᠢᠯ ᠤᠨ ᠰᠠᠬᠢᠯᠭ᠎ᠠ ᠪᠠᠲᠤ ᠪᠠᠷ ᠲᠤᠰᠬᠠᠢ ᠵᠠᠰᠠᠯᠲᠠ ᠳᠤ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠵᠤ᠂ ᠲᠦᠷᠦᠯ ᠵᠦᠢᠯ ᠢ ᠶᠡᠭᠡ ᠪᠠᠷ ᠠᠰᠢᠭᠯᠠᠬᠤ ᠠᠵᠢᠯ ᠤᠨ ᠥᠷᠨᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠳᠡᠭᠡᠷ᠎ᠡ ︽ᠵᠠᠷᠤᠳ ᠬᠤᠰᠢᠭᠤᠨ ᠤ ᠠᠵᠤ ᠦᠢᠯᠡᠰ ᠤᠨ ᠲᠣᠭᠤᠷᠢᠭ ᠤᠨ ᠰᠤᠯᠠ ᠪᠠᠶᠢᠭ᠎ᠠ ᠡᠬᠢ ᠪᠠᠶᠠᠯᠢᠭ ᠢᠶᠠᠨ ᠶᠡᠭᠡ ᠪᠠᠷ ᠠᠰᠢᠭᠯᠠᠬᠤ ᠠᠵᠢᠯ ᠤᠨ ᠲᠥᠰᠥᠯ ᠤᠨ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号