| 8 ᠰᠠᠷ᠎ᠠ ᠶᠢᠨ 23 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ | ᠵᠢᠶᠦ᠋ᠨ ᠠᠴᠠ ᠬᠤᠰᠢᠭᠤᠨ ᠤ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠭᠤᠷᠪᠠᠳᠤᠭᠠᠷ ᠤᠳᠠᠭᠠᠨ ᠤ | ᠬᠤᠷᠠᠯ ᠢ ᠡᠷᠭᠢᠯᠡᠨ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ | ᠳᠠᠷᠤᠭ᠎ᠠ ᠪᠠᠲᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ | ᠪᠠᠢ ᠶᠠᠨ ᠰᠢᠤᠸᠠᠢ ᠬᠤᠷᠠᠯ ᠳᠤ ᠣᠷᠣᠯᠴᠠᠪᠠ᠃ | | | | ᠱᠤᠤ ᠶᠠᠨ ᠵᠢᠶᠦ᠋ᠨ ᠴᠢᠬᠤᠯᠠᠴᠢᠯᠠᠭᠰᠠᠨ ᠨᠢ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ | ᠬᠢᠨᠠᠨ ᠪᠤᠳᠤᠵᠤ ᠬᠢᠨᠠᠯᠲᠠ ᠲᠠᠯᠪᠢᠬᠤ ᠶᠠᠰᠤ ᠴᠢᠨᠠᠷ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ | ᠬᠢᠨᠠᠨ ᠪᠤᠳᠤᠬᠤ ᠪᠠᠶᠢᠭᠤᠯᠤᠯᠭ᠎ᠠ ᠶᠢᠨ ᠬᠢᠨ ᠨᠠᠮ ᠤᠨ ᠲᠥᠪ ᠬᠤᠷᠢᠶ᠎ᠠ ᠪᠣᠯᠣᠨ ᠳᠡᠭᠡᠳᠦ ᠱᠠᠲᠤᠨ ᠤ ᠨᠠᠮ ᠤᠨ | ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠬᠢᠨᠠᠨ ᠪᠤᠳᠤᠬᠤ ᠭᠤᠣᠯᠳᠠᠯᠭ᠎ᠠ ᠶᠢ | ᠳᠤᠪᠤᠶᠢᠯᠭᠠᠵᠤ᠂ ᠬᠢᠨᠠᠯᠲᠠ ᠲᠠᠯᠪᠢᠬᠤ ᠶᠠᠰᠤ ᠴᠢᠨᠠᠷ ᠢ ᠴᠢᠬᠤᠯᠠᠴᠢᠯᠠᠵᠤ᠂ ᠪᠠᠶᠢᠩᠭᠤᠵᠢᠭᠰᠠᠨ ︽ᠪᠡᠶ᠎ᠡ ᠶᠢᠨ | ᠪᠠᠶᠢᠴᠠᠭᠠᠯᠲᠠ︾ ᠶᠢᠨ ᠠᠵᠢᠯ ᠢ ᠰᠠᠶᠢᠲᠤᠷ ᠬᠢᠵᠦ᠂ ᠬᠢᠨᠠᠨ ᠪᠤᠳᠤᠬᠤ ᠬᠢᠨᠠᠯᠲᠠ ᠲᠠᠯᠪᠢᠬᠤ ᠬᠠᠮᠠᠭᠠᠯᠠᠯᠲᠠ ᠶᠢᠨ | ᠦᠢᠯᠡᠳᠦᠯ ᠢ ᠪᠦᠲᠦᠮᠵᠢᠲᠡᠢ ᠪᠠᠳᠠᠷᠠᠭᠤᠯᠬᠤ ᠬᠡᠷᠡᠭᠲᠡᠢ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠳᠠᠭᠠᠵᠤ᠂ ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠡᠭᠦᠷᠭᠡᠯᠡᠵᠦ᠂ ᠬᠢᠨᠠᠨ ᠪᠣᠳᠣᠯᠲᠠ ᠬᠢᠭᠰᠡᠨ ᠮᠡᠳᠡᠭᠦᠯᠦᠯᠲᠡ ᠶᠢ ᠴᠢᠬᠤᠯᠠᠴᠢᠯᠠᠨ᠂ ᠬᠢᠨᠠᠨ | ᠪᠣᠳᠣᠯᠲᠠ ᠶᠢᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ | ᠬᠢᠨᠠᠮᠠᠭᠠᠢ ᠰᠠᠶᠢᠲᠤᠷ ᠠᠳᠬᠤᠵᠤ᠂ ᠰᠢᠯᠵᠢᠭᠦᠯᠦᠨ ᠬᠦᠷᠭᠡᠭᠰᠡᠨ ᠠᠰᠠᠭᠤᠳᠠᠯ ᠢ ᠬᠠᠤᠯᠢ ᠲᠣᠭᠲᠠᠭᠠᠯ ᠶᠣᠰᠣᠭᠠᠷ | ᠰᠢᠢᠳᠪᠦᠷᠢᠯᠡᠵᠦ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠳ᠋ᠦᠩ ᠢ ᠴᠠᠭ ᠲᠤᠬᠠᠢ ᠳᠤᠨᠢ ᠬᠠᠷᠢᠭᠤ ᠲᠤᠰᠬᠠᠵᠤ᠂ | ᠬᠢᠨᠠᠨ ᠪᠣᠳᠣᠯᠲᠠ ᠶᠢᠨ ︽ᠰᠡᠭᠦᠯᠴᠢ ᠶᠢᠨ ᠬᠠᠭᠠᠰ ᠵᠢᠯ︾ ᠤᠨ ᠠᠵᠢᠯ ᠢ ᠦᠨᠡᠨ ᠬᠦ ᠪᠣᠳᠠᠲᠠᠶᠢᠵᠢᠭᠤᠯᠵᠤ᠂ | ᠬᠢᠨᠠᠯᠲᠠ ᠶᠢ ᠨᠠᠩ ᠪᠣᠳᠠᠲᠠᠢ ᠦᠷ᠎ᠡ ᠪᠦᠲᠦᠮᠵᠢ ᠲᠠᠢ ᠪᠣᠯᠭᠠᠬᠤ ᠬᠡᠷᠡᠭᠲᠡᠢ ᠭᠡᠪᠡ᠃ | | | | ᠱᠣᠣ ᠶᠠᠨ ᠵᠢᠶᠦ᠋ᠨ ᠱᠠᠭᠠᠷᠳᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠢᠨᠠᠨ ᠪᠤᠳᠤᠬᠤ ᠠᠵᠢᠯ ᠢ ᠥᠷᠨᠢᠭᠦᠯᠬᠦ ᠳᠤ ᠬᠦᠴᠦᠲᠡᠢ | ᠪᠠᠲᠤᠯᠠᠭ᠎ᠠ ᠬᠠᠩᠭᠠᠬᠤ ᠬᠡᠷᠡᠭᠲᠡᠢ᠃ ᠬᠤᠰᠢᠭᠤᠨ ᠤ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠬᠢᠨ | ᠡᠭᠦᠷᠭᠡ ᠴᠢᠳᠠᠪᠬᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠪᠥᠬᠦ ᠲᠠᠯ᠎ᠠ ᠶᠢ ᠪᠣᠳᠣᠯᠬᠢᠯᠠᠬᠤ᠂ ᠶᠡᠭᠡ | ᠶᠠᠪᠤᠳᠠᠯ ᠢ ᠠᠳᠬᠤᠬᠤ᠂ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠬᠤ ᠴᠢᠳᠠᠪᠤᠷᠢ ᠪᠠᠨ ᠴᠢᠩᠭᠠᠳᠬᠠᠵᠤ᠂ | ᠭᠤᠣᠯ ᠬᠠᠷᠢᠭᠤᠴᠠᠯᠭᠠᠲᠠᠨ ᠨᠥᠬᠦᠳ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠰᠤᠳᠤᠯᠵᠤ᠂ ᠪᠡᠶ᠎ᠡ ᠪᠠᠷ | ᠢᠶᠠᠨ ᠲᠦᠯᠬᠢᠨ ᠠᠬᠢᠭᠤᠯᠵᠤ᠂ ᠵᠣᠷᠢᠭᠲᠠᠢ ᠬᠢᠨᠠᠮᠠᠭᠠᠢ ᠣᠷᠣᠵᠤ ᠬᠠᠲᠠᠭᠤ ᠲᠠᠢ ᠲᠡᠮᠡᠴᠡᠬᠦ ᠬᠡᠷᠡᠭᠲᠡᠢ᠃ ᠠᠵᠢᠯ ᠤᠨ | ᠲᠣᠭᠲᠠᠴᠠ ᠪᠠᠨ ᠪᠦᠷᠢᠨᠰᠢᠭᠦᠯᠵᠦ᠂ ᠬᠢᠨᠠᠨ ᠪᠤᠳᠤᠬᠤ ᠠᠵᠢᠯ ᠤᠨ ᠵᠠᠭᠪᠤᠷ ᠢ ᠰᠢᠯᠢᠳᠡᠭᠵᠢᠭᠦᠯᠵᠦ᠂ ᠬᠢᠨᠠᠨ ᠪᠤᠳᠤᠬᠤ | ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠬᠢᠨᠠᠨ ᠪᠤᠳᠤᠬᠤ ᠬᠢᠨᠠᠯᠲᠠ ᠲᠠᠯᠪᠢᠯᠲᠠ ᠶᠢᠨ ᠦᠷ᠎ᠡ | ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠢᠨᠠᠨ ᠪᠤᠳᠤᠬᠤ ᠪᠠᠶᠢᠭᠤᠯᠭ᠎ᠠ ᠬᠢᠨ ᠲᠣᠰ | ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠬᠠᠤᠯᠢ ᠪᠠᠷ ᠵᠠᠰᠠᠬᠤ ᠰᠡᠳᠬᠢᠬᠦᠢ ᠶᠢ ᠪᠠᠲᠤ ᠪᠠᠬᠢ ᠪᠣᠶ ᠪᠣᠯᠭᠠᠵᠤ᠂ | ᠤᠯᠤᠰ ᠤᠨ ᠬᠠᠤᠯᠢ ᠲᠣᠭᠲᠠᠭᠠᠯ ᠪᠠ ᠬᠠᠮᠢᠶ᠎ᠠ ᠪᠦᠬᠦᠢ ᠳᠦᠷᠢᠮ ᠲᠣᠭᠲᠠᠭᠠᠯ ᠢ ᠦᠨᠳᠦᠰᠦᠯᠡᠨ᠂ ᠬᠠᠤᠯᠢ ᠪᠠᠷ | ᠲᠣᠭᠲᠠᠭᠠᠭᠰᠠᠨ ᠡᠭᠦᠷᠭᠡ ᠬᠠᠷᠢᠭᠤᠴᠠᠯᠭ᠎ᠠ᠂ ᠡᠷᠬᠡ ᠶᠢᠨ ᠬᠢᠵᠠᠭᠠᠷ᠂ ᠲᠠᠰ ᠳᠠᠷᠠᠭᠠᠯᠠᠯ ᠢᠶᠠᠷ ᠬᠢᠨᠠᠨ ᠪᠤᠳᠤᠵᠤ ᠬᠢᠨᠠᠯᠲᠠ | ᠲᠠᠯᠪᠢᠬᠤ ᠡᠷᠬᠡ ᠪᠠᠨ ᠬᠡᠷᠡᠭᠵᠢᠭᠦᠯᠵᠦ᠂ ᠬᠢᠨᠠᠪᠠᠰᠤ ᠵᠤᠬᠢᠬᠤ ᠪᠦᠬᠦᠨ ᠢ ᠬᠢᠨᠠᠵᠤ᠂ ᠬᠢᠨᠠᠬᠤ ᠪᠠᠨ ᠵᠠᠪᠠᠯ ᠴᠢᠩᠳᠠᠯᠠᠵᠤ᠂ | ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠵᠦ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢ ᠪᠡᠶᠡᠯᠡᠭᠦᠯᠬᠦ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠪᠡ᠃ | | | | ᠬᠤᠷᠠᠯ ᠳᠡᠭᠡᠷ᠎ᠡ᠂ ᠪᠠᠲᠤ ᠲᠥᠪ ᠤᠨ ᠬᠢᠨᠠᠨ ᠪᠤᠳᠤᠬᠤ ᠵᠥᠪᠯᠡᠯ ᠤᠨ ᠳᠥᠷᠪᠡᠳᠦᠭᠡᠷ ᠤᠳᠠᠭ᠎ᠠ ᠶᠢᠨ ᠬᠤᠷᠠᠯ ᠤᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠣᠯᠴᠠᠪᠠ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠢᠨᠠᠨ | ᠪᠤᠳᠤᠬᠤ ᠵᠥᠪᠯᠡᠯ ᠤᠨ ᠳᠥᠷᠪᠡ᠂ ᠲᠠᠪᠤᠳᠤᠭᠠᠷ ᠬᠤᠷᠠᠯ ᠪᠣᠯᠣᠨ ᠬᠤᠲᠠ ᠶᠢᠨ ᠨᠠᠮ ᠤᠨ ᠬᠤᠷᠢᠶ᠎ᠠ ᠶᠢᠨ ᠬᠢᠨᠠᠨ | ᠪᠤᠳᠤᠬᠤ ᠵᠥᠪᠯᠡᠯ ᠤᠨ ᠭᠤᠷᠪᠠ᠂ ᠳᠥᠷᠪᠡᠳᠦᠭᠡᠷ ᠬᠤᠷᠠᠯ ᠤᠨ ᠵᠣᠷᠢᠭ ᠰᠠᠨᠠᠭ᠎ᠠ ᠵᠢᠴᠢ ᠪᠥᠬᠦ ᠬᠤᠲᠠ ᠶᠢᠨ ᠬᠢᠨᠠᠨ | ᠪᠤᠳᠤᠬᠤ ᠵᠢᠴᠢ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠶᠢᠨ | ᠭᠤᠣᠯ ᠬᠠᠷᠢᠭᠤᠴᠠᠯᠭᠠᠲᠠᠨ ᠪᠥᠬᠦ ᠬᠤᠰᠢᠭᠤᠨ ᠤ 2021 ᠣᠨ ᠤ ᠬᠢᠨᠠᠨ ᠪᠣᠳᠣᠭᠰᠠᠨ ᠠᠵᠢᠯ ᠤᠨ ᠪᠠᠶᠢᠳᠠᠯ ᠪᠠ | 2020 ᠣᠨ ᠤ ᠬᠤᠰᠢᠭᠤᠨ ᠤ ᠲᠣᠰ ᠱᠠᠲᠤᠨ ᠤ ᠡᠳ᠋ ᠤᠨ ᠵᠠᠰᠠᠭ ᠤᠨ ᠲᠥᠰᠥᠪ ᠤᠨ ᠬᠡᠷᠡᠭᠵᠢᠭᠦᠯᠦᠯᠲᠡ ᠵᠢᠴᠢ | ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢ ᠬᠢᠨᠠᠨ ᠪᠣᠳᠣᠵᠤ ᠪᠠᠶᠢᠴᠠᠭᠠᠨ ᠭᠠᠷᠭᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠬᠠᠷᠢᠭᠤ ᠮᠡᠳᠡᠭᠦᠯᠪᠡ᠃ ᠬᠤᠷᠠᠯ ᠠᠴᠠ ᠪᠠᠰᠠ ︽ᠵᠠᠷᠤᠳ | ᠬᠤᠰᠢᠭᠤᠨ ᠤ ︿ᠠᠷᠪᠠᠨ ᠳᠥᠷᠪᠡᠳᠦᠭᠡᠷ ᠲᠠᠪᠤᠨ ᠵᠢᠯ﹀﹀ ᠤᠨ ᠬᠢᠨᠠᠨ ᠪᠤᠳᠤᠬᠤ ᠠᠵᠢᠯ ᠤᠨ ᠬᠥᠭᠵᠢᠯᠲᠡ ᠶᠢᠨ | ᠲᠥᠯᠦᠪᠵᠢᠭᠦᠯᠭᠡ︾ ᠪᠣᠯᠣᠨ ︽2022 ᠣᠨ ᠤ ᠬᠢᠨᠠᠨ ᠪᠤᠳᠤᠬᠤ ᠲᠦᠷᠦᠯ ᠵᠦᠢᠯ ᠤᠨ ᠲᠥᠯᠥᠪᠯᠡᠭᠡ︾ ᠶᠢ ᠬᠢᠨᠠᠨ | ᠵᠥᠪᠯᠡᠵᠦ ᠪᠠᠲᠤᠯᠠᠪᠠ᠃ | ᠬᠤᠰᠢᠭᠤᠨ ᠤ ᠬᠠᠷᠢᠶ᠎ᠠ ᠡᠯ᠎ᠡ ᠬᠠᠮᠢᠶ᠎ᠠ ᠪᠦᠬᠦᠢ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ | ᠣᠷᠣᠯᠴᠠᠪᠠ᠃ | | | |