| | | | 8 ᠰᠠᠷ᠎ᠠ ᠶᠢᠨ 22 ᠤ ᠡᠳᠦᠷ᠂ ᠪᠥᠬᠦ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠠᠵᠢᠯ ᠤᠨ ᠰᠢᠨ᠎ᠡ ᠶᠢ ᠡᠭᠦᠳᠬᠦ ᠠᠬᠤᠢ ᠲᠠᠯᠠᠪᠠᠶ ᠶᠢᠨ ᠦᠵᠡᠭᠦᠯᠦᠯᠭᠡ ᠶᠢᠨ ᠬᠤᠷᠠᠯ ᠵᠠᠷᠤᠳ ᠬᠤᠰᠢᠭᠤᠨ ᠳᠤ ᠬᠢᠪᠡ᠃ | ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ | ᠡᠷᠬᠢᠯᠡᠭᠴᠢ ᠯᠢ ᠫᠧᠩ᠂ ᠪᠦᠦ ᠯᠢᠩ᠂ ᠴᠧᠩ ᠫᠧᠩ ᠭᠠᠩ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠱᠣᠸ | ᠶᠠᠨ ᠵᠢᠶᠦ᠋ᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠰᠢ ᠯᠢᠨ ᠬᠤᠷᠠᠯ ᠳᠤ ᠣᠷᠣᠯᠴᠠᠪᠠ᠃ | ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠠᠮᠢᠶ᠎ᠠ ᠪᠦᠬᠦᠢ | ᠤᠳᠤᠷᠢᠳᠤᠯᠭ᠎ᠠ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠰᠤᠳᠤᠯᠬᠤ ᠲᠠᠰᠤᠭ᠂ ᠨᠠᠮ ᠤᠨ ᠰᠤᠷᠲᠠᠯ | ᠵᠠᠰᠠᠭ ᠤᠨ ᠰᠤᠷᠲᠠᠯ ᠳᠤ ᠬᠢᠨᠠᠯᠲᠠ ᠲᠠᠯᠪᠢᠬᠤ ᠲᠠᠰᠤᠭ ᠤᠨ ᠬᠠᠷᠢᠭᠤᠴᠠᠯᠭᠠᠲᠠᠨ︔ ᠡᠯ᠎ᠡ ᠬᠤᠰᠢᠭᠤ ᠰᠢᠶᠠᠨ ᠬᠤᠲᠠ | ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠨᠡᠭᠡᠭᠡᠯᠲᠡ ᠶᠢᠨ | ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠵᠥᠪᠯᠡᠯ ᠤᠨ ᠭᠤᠣᠯ | ᠬᠠᠷᠢᠭᠤᠴᠠᠯᠭᠠᠲᠠᠨ ᠵᠢᠴᠢ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ᠂ ᠨᠠᠮ ᠤᠨ ᠰᠤᠷᠲᠠᠯ ᠵᠠᠰᠠᠭ ᠤᠨ | ᠰᠤᠷᠲᠠᠯ ᠳᠤ ᠬᠢᠨᠠᠯᠲᠠ ᠲᠠᠯᠪᠢᠬᠤ ᠲᠠᠰᠤᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | | | ᠬᠤᠷᠠᠯ ᠳᠤ ᠣᠷᠣᠯᠴᠠᠭᠰᠠᠳ ᠤᠷᠢᠳ ᠬᠤᠵᠢᠳ ᠲᠦᠪᠰᠢᠨ ᠭᠠᠴᠠᠭ᠎ᠠ᠂ ᠢᠦᠢ ᠯᠦᠩ ᠨᠡᠶᠢᠭᠡᠮ ᠲᠣᠭᠤᠷᠢᠭ ᠲᠤ | ᠬᠦᠷᠴᠦ᠂ ᠵᠠᠷᠤᠳ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ︽ | ᠲᠠᠪᠤᠨ ᠭᠤᠷᠪᠠ︾ ᠶᠢᠨ ᠲᠣᠭᠲᠠᠴᠠ ᠶᠢᠨ ᠠᠵᠢᠯ ᠤᠨ ᠠᠵᠢᠯᠯᠠᠭᠠᠨ ᠤ ᠪᠠᠶᠢᠳᠠᠯ᠂ ︽ᠲᠠᠪᠤ ᠶᠢ ᠦᠨᠳᠦᠰᠦᠨ | ᠱᠠᠲᠤᠨ ᠳᠤ ᠪᠠᠶᠢᠯᠭᠠᠬᠤ︾ ᠠᠵᠢᠯ ᠤᠨ ᠪᠠᠶᠢᠳᠠᠯ ᠪᠠ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢᠨ | ᠠᠵᠢᠯ ᠤᠨ ᠪᠠᠶᠢᠳᠠᠯ ᠢ ᠠᠬᠤᠢ ᠲᠠᠯᠠᠪᠠᠢ ᠳᠤ ᠲᠣᠭᠤᠷᠢᠨ ᠦᠵᠡᠪᠡ᠃ ᠲᠦᠪᠰᠢᠨ ᠭᠠᠴᠠᠭ᠎ᠠ ︽ᠲᠠᠪᠤ ᠶᠢ ᠦᠨᠳᠦᠰᠦᠨ | ᠱᠠᠲᠤᠨ ᠳᠤ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ | ᠦᠢᠯᠡᠴᠢᠯᠡᠭᠡ ᠪᠠᠷ ᠬᠥᠲᠥᠯᠥᠨ ᠳᠠᠭᠠᠭᠤᠯᠬᠤ ᠶᠢ ᠡᠷᠡᠰ ᠴᠢᠩᠭ᠎ᠠ ᠬᠦᠴᠦᠨ ᠲᠠᠢ ᠪᠣᠯᠭᠠᠵᠤ᠂ ᠮᠠᠯᠴᠢᠳ ᠤᠨ | ᠥᠪᠡᠷ ᠢ ᠪᠠᠨ ᠬᠠᠮᠢᠶᠠᠷᠬᠤ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠥᠷᠢᠴᠡᠯ ᠵᠢᠭᠤᠷᠠᠯᠳᠤᠭᠠᠨ ᠢ ᠴᠠᠭ | ᠲᠤᠬᠠᠢ ᠳᠤᠨᠢ ᠪᠦᠲᠦᠮᠵᠢᠲᠡᠢ ᠰᠢᠢᠳᠪᠦᠷᠢᠯᠡᠵᠦ᠂ ᠠᠷᠢᠭᠤᠨ ᠴᠢᠬᠡᠴᠢ ᠰᠣᠶᠣᠯ ᠤᠨ ᠠᠭᠤᠷ ᠠᠮᠢᠰᠬᠤᠯ ᠢ ᠡᠳᠦᠷ | ᠢᠷᠡᠬᠦᠶ᠎ᠡ ᠵᠤᠵᠠᠭᠠᠳᠬᠠᠵᠤ᠂ ᠭᠠᠴᠠᠭ᠎ᠠ ᠶᠢᠨ ᠬᠢᠨ ᠲᠠᠪᠤᠨ ᠵᠢᠯ ᠳᠠᠷᠠᠭᠠᠯᠠᠨ ︽ᠲᠡᠭ ᠰᠤᠷᠪᠣᠯᠵᠢᠯᠠᠭ᠎ᠠ︾ ᠶᠢ | ᠪᠡᠶᠡᠯᠡᠭᠦᠯᠪᠡ᠃ ᠢᠦᠢ ᠯᠦᠩ ᠨᠡᠶᠢᠭᠡᠮ ᠲᠣᠭᠤᠷᠢᠭ ᠨᠢ ᠯᠦᠪᠸᠢ ᠵᠡᠭᠡᠯᠢ ᠭᠤᠳᠤᠮᠵᠢ ᠶᠢᠨ ᠬᠠᠮᠤᠭ ᠤᠨ ᠲᠣᠮᠣ | ᠨᠡᠶᠢᠭᠡᠮ ᠲᠣᠭᠤᠷᠢᠭ ᠪᠣᠯᠤᠭᠰᠠᠨ ᠤ ᠬᠤᠪᠢ ᠳᠤ᠂ ᠠᠷᠢᠭᠤᠨ ᠴᠢᠭᠡᠴᠢ ᠪᠠᠷ ᠬᠥᠲᠥᠯᠥᠨ ᠳᠠᠭᠠᠭᠤᠯᠬᠤ ᠪᠠᠷ ᠭᠤᠣᠯ | ᠰᠢᠵᠢᠮ ᠪᠣᠯᠭᠠᠵᠤ᠂ ︽ᠬᠥᠮᠥᠨ ᠢᠶᠠᠷ ᠦᠨᠳᠦᠰᠦ ᠪᠣᠯᠭᠠᠵᠤ᠂ ᠰᠠᠭᠤᠭᠠᠯᠢ ᠠᠷᠠᠳ ᠲᠤ ᠦᠢᠯᠡᠴᠢᠯᠡᠬᠦ︾ ᠠᠵᠢᠯ ᠤᠨ | ᠣᠶᠢᠯᠠᠭᠠᠭᠳᠠᠬᠤᠨ ᠢ ᠪᠠᠷᠢᠮᠲᠠᠯᠠᠨ᠂ ︽ᠲᠠᠪᠤ ᠶᠢ ᠴᠢᠩᠭᠠᠳᠬᠠᠬᠤ︾ ᠪᠠᠷ ︽ᠲᠠᠪᠤ ᠶᠢ ᠦᠨᠳᠦᠰᠦᠨ ᠱᠠᠲᠤᠨ ᠳᠤ | ᠪᠠᠶᠢᠯᠭᠠᠬᠤ︾ ᠠᠵᠢᠯ ᠢ ᠪᠣᠳᠠᠲᠠᠢ ᠠᠳᠬᠤᠵᠤ᠂ ᠡᠶ᠎ᠡ ᠵᠣᠬᠢᠴᠠᠯ ᠲᠠᠢ᠂ ᠲᠣᠭᠲᠠᠭᠤᠨ᠂ ᠪᠣᠯᠪᠠᠰᠤᠨ᠂ ᠵᠣᠯ | ᠵᠢᠷᠭᠠᠯ ᠲᠠᠢ᠂ ᠦᠵᠡᠰᠬᠦᠯᠡᠩᠲᠦ ᠰᠠᠶᠢᠬᠠᠨ ᠭᠡᠭᠡᠨ ᠲᠣᠩᠭᠠᠯᠠᠭ ᠨᠡᠶᠢᠭᠡᠮ ᠲᠣᠭᠤᠷᠢᠭ ᠢ ᠴᠢᠷᠮᠠᠶᠢᠨ ᠴᠣᠭᠴᠠᠯᠠᠪᠠ᠃ | | | | ᠬᠤᠷᠠᠯ ᠠᠴᠠ᠂ ᠵᠠᠷᠤᠳ ᠬᠤᠰᠢᠭᠤᠨ ᠤ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠤᠨ ᠰᠢᠨ᠎ᠡ ᠶᠢ | ᠡᠭᠦᠳᠬᠦ ᠠᠷᠭ᠎ᠠ ᠮᠠᠶ᠋ᠢᠭ ᠨᠢ ᠰᠢᠨ᠎ᠡ ᠰᠤᠡᠭᠤᠭ᠂ ᠠᠷᠭ᠎ᠠ ᠬᠡᠮᠵᠢᠶ᠎ᠡ ᠨᠢ ᠪᠣᠳᠠᠲᠠᠢ᠂ ᠲᠣᠭᠲᠠᠴᠠ ᠨᠢ ᠰᠠᠶᠢᠨ ᠪᠠᠶᠢᠵᠤ᠂ | ᠥᠷᠭᠡᠨ ᠣᠯᠠᠨ ᠮᠠᠯᠴᠢᠨ ᠲᠠᠷᠢᠶᠠᠴᠢᠨ ᠪᠣᠯᠣᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠥᠪᠡᠷᠲᠡᠭᠡᠨ | ᠵᠠᠰᠠᠬᠤ᠂ ᠬᠠᠤᠯᠢ ᠪᠠᠷ ᠵᠠᠰᠠᠬᠤ᠂ ᠮᠣᠷᠠᠯ ᠢᠶᠠᠷ ᠵᠠᠰᠠᠬᠤ ᠶᠢ ᠬᠠᠷᠢᠯᠴᠠᠨ ᠤᠶᠠᠯᠳᠤᠭᠤᠯᠬᠤ ᠶᠢ ᠠᠬᠢᠭᠤᠯᠵᠤ᠂ | ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠰᠠᠶᠢᠨ ᠰᠠᠶᠢᠬᠠᠨ ᠪᠠᠶᠢᠳᠠᠯ ᠢᠯᠡᠷᠡᠪᠡ᠃ ᠪᠥᠬᠦ ᠬᠤᠲᠠ ᠶᠢᠨ | ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠬᠢᠨ ᠪᠣᠳᠠᠲᠠᠢ ᠳᠤ ᠰᠠᠭᠤᠷᠢᠯᠠᠨ | ᠂ ᠵᠠᠷᠤᠳ ᠬᠤᠰᠢᠭᠤᠨ ᠤ ᠲᠤᠷᠰᠢᠯᠭ᠎ᠠ ᠶᠢ ᠰᠤᠷᠤᠯᠴᠠᠨ ᠯᠠᠪᠯᠠᠯᠲᠠ ᠪᠣᠯᠭᠠᠵᠤ᠂ ᠪᠠᠭᠤᠷᠠᠢ ᠲᠠᠯ᠎ᠠ ᠠᠴᠠ ᠪᠠᠨ ᠭᠠᠷᠳᠠᠨ | ᠬᠦᠴᠦᠯᠡᠬᠦ ᠶᠢ ᠪᠠᠷᠢᠮᠲᠠᠯᠠᠨ᠂ ᠬᠢᠨᠠᠯᠲᠠ ᠲᠠᠯᠪᠢᠵᠤ ᠵᠠᠰᠠᠬᠤ ᠦᠷ᠎ᠡ ᠪᠦᠲᠦᠮᠵᠢ ᠪᠠᠨ ᠦᠷᠭᠦᠯᠵᠢᠯᠡᠨ ᠴᠢᠩᠭᠠᠳᠬᠠᠬᠤ | ᠬᠡᠷᠡᠭᠲᠡᠢ᠃ ᠠᠷᠭ᠎ᠠ ᠬᠡᠯᠪᠡᠷᠢ ᠲᠠᠯ᠎ᠠ ᠪᠠᠷ ᠰᠢᠨ᠎ᠡ ᠶᠢ ᠡᠭᠦᠳᠴᠦ᠂ ᠰᠤᠷᠤᠯᠴᠠᠬᠤ ᠶᠢᠨ ᠳᠠᠭᠠᠤ ᠪᠠᠶᠢᠴᠠᠭᠠᠨ ᠰᠤᠳᠤᠯᠬᠤ | ᠂ ᠠᠵᠢᠯᠯᠠᠬᠤ ᠶᠢᠨ ᠳᠠᠭᠠᠤ ᠳ᠋ᠦᠩᠨᠡᠬᠦ ᠠᠵᠢᠯ ᠤᠨ ᠠᠷᠭ᠎ᠠ ᠶᠢ ᠤᠬᠠᠮᠰᠠᠷ ᠠᠴᠠ ᠪᠠᠨ ᠪᠤᠢ ᠪᠣᠯᠭᠠᠵᠤ᠂ ᠠᠵᠢᠯ ᠤᠨ | ᠲᠠᠨᠢᠯᠲᠠ ᠪᠠ ᠦᠢᠯᠡᠳᠦᠯᠭᠡ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠨᠡᠩ ᠤᠯᠠᠨ ᠨᠡᠩ ᠰᠠᠶᠢᠨ ᠰᠢᠨ᠎ᠡ ᠶᠢ | ᠡᠭᠦᠳᠦᠭᠰᠡᠨ ᠲᠤᠷᠰᠢᠯᠭ᠎ᠠ ᠶᠢ ᠲᠠᠰᠤᠷᠠᠯᠲᠠ ᠦᠭᠡᠢ ᠬᠠᠶᠢᠨ ᠰᠦᠪᠡᠭᠴᠢᠯᠡᠵᠦ᠂ ᠪᠦᠬᠦ ᠬᠤᠲᠠ ᠶᠢᠨ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠨᠡᠩ ᠶᠡᠭᠡ ᠰᠢᠨ᠎ᠡ | ᠬᠤᠪᠢ ᠨᠡᠮᠡᠷᠢ ᠦᠵᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ | ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠵᠢᠭᠠᠪᠣᠷᠢᠯᠠᠪᠠ᠃ | | | |