ᠯᠢᠦ ᠶᠣᠣ ᠵᠢᠷᠤᠭᠡ ᠪᠠᠯᠭᠠᠰᠤᠨ ᠳᠤ ᠬᠦᠷᠴᠦ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2022/8/25
      8 ᠰᠠᠷ᠎ᠠ ᠶᠢᠨ 23 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠯᠢᠦ ᠶᠣᠣ ᠵᠢᠷᠤᠭᠡ ᠪᠠᠯᠭᠠᠰᠤᠨ ᠳᠤ ᠬᠦᠷᠴᠦ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠵᠢᠷᠤᠭᠡ ᠪᠠᠯᠭᠠᠰᠤᠨ ᠤ ᠭᠤᠣᠯ ᠬᠠᠷᠢᠭᠤᠴᠠᠯᠭᠠᠲᠠᠨ ᠪᠠᠷ᠎ᠠ ᠪᠣᠯᠪᠠ᠃     
微信图片_20220825094506.jpg
      ᠵᠢᠷᠤᠭᠡ ᠪᠠᠯᠭᠠᠰᠤᠨ ᠤ ᠪᠠᠢ ᠱᠦᠨ ᠲᠡᠵᠢᠭᠡᠪᠤᠷᠢ ᠶᠢᠨ ᠲᠤᠰᠬᠠᠢ ᠬᠤᠷᠰᠢᠶ᠎ᠠ ᠪᠣᠯᠣᠨ ᠰᠢᠶᠠᠩ ᠷᠦᠢ ᠲᠡᠵᠢᠭᠡᠪᠤᠷᠢ ᠶᠢᠨ ᠲᠤᠰᠬᠠᠢ ᠬᠤᠷᠰᠢᠶ᠎ᠠ ᠳᠤ᠂ ᠯᠢᠦ ᠶᠤᠤ ᠬᠠᠮᠳᠤ ᠶᠠᠪᠤᠭᠰᠠᠳ ᠲᠠᠢ ᠪᠠᠨ ᠠᠬᠤᠢ ᠭᠠᠵᠠᠷ ᠲᠤᠨᠢ ᠪᠠᠶᠢᠴᠠᠭᠠᠨ ᠦᠵᠡᠬᠦ ᠪᠠ ᠰᠣᠯᠢᠯᠴᠠᠨ ᠶᠠᠷᠢᠯᠴᠠᠬᠤ ᠬᠡᠯᠪᠡᠷᠢ ᠪᠠᠷ ᠬᠤᠷᠰᠢᠶ᠎ᠠ ᠶᠢᠨ ᠬᠡᠪᠴᠢᠶᠡᠵᠢᠭᠰᠡᠨ ᠲᠡᠵᠢᠭᠡᠨ ᠦᠷᠡᠵᠢᠭᠦᠯᠦᠯᠲᠡ᠂ ᠡᠭᠦᠯᠳᠡᠷ ᠰᠠᠶᠢᠵᠢᠷᠠᠭᠤᠯᠤᠯᠲᠠ᠂ ᠵᠠᠬ᠎ᠠ ᠳᠡᠯᠭᠡᠭᠦᠷ ᠤᠨ ᠦᠷ᠎ᠡ ᠠᠰᠢᠭ ᠵᠢᠴᠢ ᠳᠠᠶᠢᠴᠢᠯᠠᠬᠤ ᠦᠢᠯᠡᠳᠦᠯ ᠵᠡᠷᠭᠡ ᠪᠠᠶᠢᠳᠠᠯ ᠢ ᠣᠶᠢᠯᠠᠭᠠᠪᠠ᠃ ᠯᠢᠦ ᠶᠤᠤ ᠴᠢᠬᠤᠯᠠᠴᠢᠯᠠᠭᠰᠠᠨ ᠨᠢ᠂ ᠵᠢᠷᠤᠭᠡ ᠪᠠᠯᠭᠠᠰᠤ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠴᠢᠬᠤᠯᠠ ᠶᠡᠭᠡ ᠠᠵᠠ ᠲᠣᠬᠢᠶᠠᠯ ᠢ ᠴᠢᠩᠭ᠎ᠠ ᠠᠳᠬᠤᠵᠤ᠂ ᠬᠥᠭᠵᠢᠯᠲᠡ ᠶᠢᠨ ᠰᠡᠳᠬᠢᠴᠡ ᠪᠠᠨ ᠥᠷᠭᠡᠳᠬᠡᠵᠦ᠂ ᠬᠥᠭᠵᠢᠯᠲᠡ ᠶᠢᠨ ᠪᠠᠶᠢᠷᠢᠰᠢᠭᠤᠯᠤᠯᠲᠠ ᠪᠠᠨ ᠲᠣᠬᠢᠷᠠᠭᠤᠯᠤᠨ᠂ ︽ᠬᠤᠨᠢ ᠶᠢ ᠲᠣᠭᠲᠠᠪᠤᠷᠢᠵᠢᠭᠤᠯᠤᠨ ᠦᠬᠡᠷ ᠢ ᠨᠡᠮᠡᠭᠳᠡᠭᠦᠯᠬᠦ᠂ ᠦᠬᠡᠷ ᠢ ᠨᠡᠮᠡᠭᠳᠡᠭᠦᠯᠤᠨ ᠮᠠᠯ ᠠᠵᠤ ᠠᠬᠤᠢ ᠶᠢ ᠬᠥᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ︾ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠴᠢᠨᠠᠷ ᠰᠠᠶᠢᠲᠠᠢ ᠡᠭᠦᠯᠳᠡᠷ ᠢ ᠲᠠᠰᠤᠷᠠᠯᠲᠠ ᠦᠭᠡᠢ ᠪᠣᠶᠢᠵᠢᠭᠤᠯᠤᠨ᠂ ᠮᠡᠷᠭᠡᠵᠢᠯ ᠤᠨ ᠵᠢᠯᠣᠭᠤᠳᠤᠯᠭ᠎ᠠ ᠪᠠ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠪᠥᠬᠦ ᠪᠠᠯᠭᠠᠰᠤᠨ ᠤ ᠦᠬᠡᠷ ᠤᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠨᠡᠮᠡᠭᠳᠡᠬᠦ ᠶᠢ ᠲᠦᠷᠭᠡᠳᠬᠡᠨ ᠠᠬᠢᠭᠤᠯᠵᠤ᠂ ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠠᠬᠢᠭᠤᠯᠤᠨ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠳᠠᠢ ᠭᠡᠪᠡ᠃     ᠳᠠᠷᠠᠭ᠎ᠠ ᠳᠤᠨᠢ᠂ ᠯᠢᠦ ᠶᠣᠣ ᠪᠠᠰᠠ ᠵᠢᠷᠤᠭᠡ ᠲᠣᠰᠬᠤᠨ ᠳᠤ ᠬᠦᠷᠴᠦ ᠲᠤᠰ ᠲᠣᠰᠬᠤᠨ ᠤ ᠨᠠᠮ ᠤᠯᠠᠨ ᠲᠦᠮᠡᠨ ᠳᠤ ᠤᠶᠢᠯᠡᠴᠢᠯᠡᠬᠦ ᠲᠥᠪ ᠤᠨ ᠪᠠᠶᠢᠭᠤᠯᠤᠯᠲᠠ ᠪᠣᠯᠣᠨ ︽ᠪᠣᠯᠪᠠᠰᠤᠨ ᠪᠦᠯᠬᠦᠮᠳᠡᠯ ᠬᠡᠳᠦ ᠳᠡᠯᠭᠡᠭᠦᠷ︾ ᠤᠨ ᠪᠠᠶᠢᠭᠤᠯᠤᠯᠲᠠ ᠶᠢᠨ ᠠᠵᠢᠯᠯᠠᠭᠠᠨ ᠤ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ ᠣᠶᠢᠯᠠᠭᠠᠭᠰᠠᠨ ᠪᠥᠭᠡᠳ ᠪᠣᠳᠠᠲᠠᠢ ᠵᠢᠯᠤᠭᠤᠳᠬᠤ ᠰᠠᠨᠠᠯ ᠲᠤᠷᠠᠳᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号