ᠵᠠᠷᠤᠳ ᠬᠤᠰᠢᠭᠤ ᠲᠣᠭᠠᠴᠢᠯᠠᠭᠰᠠᠨ ᠤᠷ᠎ᠠ ᠴᠢᠳᠠᠪᠤᠷᠢ ᠶᠢ ᠨᠡᠶᠢᠭᠡᠮ ᠲᠣᠭᠤᠷᠢᠭ ᠲᠤ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/8/25
      8 ᠰᠠᠷ᠎ᠠ ᠶᠢᠨ 24 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠬᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠷᠠᠳ ᠤᠨ ᠪᠠᠩᠬᠢ ᠲᠠᠢ ᠬᠠᠮᠲᠤᠷᠠᠨ ᠲᠣᠭᠠᠴᠢᠯᠠᠭᠰᠠᠨ ᠤᠷ᠎ᠠ ᠴᠢᠳᠠᠪᠤᠷᠢ ᠶᠢ ᠨᠡᠶᠢᠭᠡᠮ ᠲᠣᠭᠤᠷᠢᠭ ᠲᠤ ᠣᠷᠣᠭᠤᠯᠬᠤ ᠠᠵᠢᠯᠯᠠᠭ᠎ᠠ ᠥᠷᠨᠢᠭᠦᠯᠪᠡ ᠃ ᠠᠵᠢᠯᠯᠠᠭ᠎ᠠ ᠨᠢ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠰᠦᠯᠵᠢᠶᠡᠨ ᠤ ᠠᠮᠤᠷ ᠲᠦᠪᠰᠢᠨ᠂ ᠪᠥᠬᠦ ᠠᠷᠠᠳ ᠢᠶᠠᠷ ᠢᠶᠠᠨ ᠰᠦᠯᠵᠢᠶ᠎ᠡ ᠲᠡᠭᠡᠷ᠎ᠡ ᠵᠣᠭᠤᠰ ᠨᠠᠭᠠᠳᠬᠤ ᠶᠢ ᠲᠡᠪᠴᠢᠬᠦ᠂ ᠠᠮᠤᠷ ᠲᠦᠪᠰᠢᠨ ᠢᠶᠠᠷ ᠲᠤᠭᠠᠴᠠᠭ᠎ᠠ ᠬᠢᠬᠦ ᠵᠡᠷᠭᠡ ᠠᠭᠤᠯᠭ᠎ᠠ ᠶᠢᠨ ᠲᠣᠭᠤᠷᠢᠨ ᠳᠤ ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠢ ᠠᠮᠤᠷ ᠲᠦᠪᠰᠢᠨ ᠢᠶᠠᠷ ᠰᠦᠯᠵᠢᠶᠡᠨ ᠳᠤ ᠭᠠᠷᠴᠤ᠂ ᠰᠢᠨᠵᠢᠯᠡᠬᠦ ᠤᠬᠠᠭᠠᠨᠴᠢ ᠪᠠᠷ ᠰᠦᠯᠵᠢᠶ᠎ᠡ ᠶᠢ ᠬᠡᠷᠡᠭᠯᠡᠵᠦ᠂ ᠲᠣᠭᠠᠴᠢᠯᠠᠭᠰᠠᠨ ᠤᠷ᠎ᠠ ᠴᠢᠳᠠᠪᠤᠷᠢ ᠶᠢᠨ ᠰᠤᠷᠤᠯᠴᠠᠯᠭ᠎ᠠ ᠪᠠᠨ ᠴᠢᠩᠭᠠᠳᠬᠠᠬᠤ ᠶᠢ ᠤᠷᠢᠶᠠᠯᠠᠪᠠ᠃ ᠡᠭᠦᠨ ᠤ ᠬᠠᠮᠲᠤ ᠵᠠᠯᠠᠭᠤᠴᠤᠳ ᠪᠠᠭᠠᠴᠤᠳ᠂ ᠨᠠᠰᠤᠲᠠᠶᠢᠴᠤᠳ ᠵᠡᠷᠭᠡ ᠭᠤᠣᠯᠳᠠᠯᠭ᠎ᠠ ᠲᠠᠢ ᠬᠥᠮᠥᠰ ᠲᠤ ᠴᠢᠭᠯᠡᠭᠦᠯᠦᠨ᠂ ᠨᠢᠭᠤᠷᠲᠠᠨ ᠨᠠᠷᠢᠨ ᠲᠠᠶᠢᠯᠪᠤᠷᠢᠯᠠᠵᠤ᠂ ᠣᠯᠠᠨ ᠲᠦᠮᠡᠨ ᠳᠤ ᠲᠣᠭᠠᠴᠢᠯᠠᠭᠰᠠᠨ ᠦᠢᠯᠡᠳᠬᠦᠨ ᠢ ᠨᠠᠩ ᠰᠠᠶᠢᠨ ᠣᠶᠢᠯᠠᠭᠠᠨ ᠬᠡᠷᠡᠭᠯᠡᠭᠦᠯᠵᠦ᠂ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠤᠯᠠᠮ ᠨᠢᠭᠡ ᠠᠯᠬᠤᠮ ᠲᠦᠭᠡᠮᠡᠯᠵᠢᠭᠦᠯᠪᠡ᠃      
微信图片_20220825094500.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号