8 ᠰᠠᠷ᠎ᠠ ᠶᠢᠨ 24 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠸᠠᠩ ᠬᠤᠩ ᠬᠤᠸᠠ ᠪᠠᠶᠢᠴᠠᠭᠠᠨ ᠰᠤᠳᠤᠯᠬᠤ ᠳᠤᠭᠤᠶᠢᠯᠠᠩ | ᠳᠠᠭᠠᠭᠤᠯᠤᠨ ᠵᠠᠷᠤᠳ ᠬᠤᠰᠢᠭᠤᠨ ᠳᠤ ᠢᠷᠡᠵᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠳᠤᠳᠬᠠᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠬᠤᠰᠢᠭᠤᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠢ ᠢᠦᠢ ᠹᠦ᠋᠂ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠭᠢᠯᠡᠭᠴᠢ | ᠪᠦᠦ ᠯᠦᠩ᠂ ᠳᠡᠳ᠋ ᠬᠤᠰᠢᠭᠤᠨ ᠳᠠᠷᠤᠭ᠎ᠠ ᠭᠦᠸᠧ ᠶᠠ ᠹᠧᠩ ᠵᠢᠴᠢ ᠬᠤᠰᠢᠭᠤᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠵᠦ ᠰᠠᠭᠤᠳᠠᠯ ᠤᠨ ᠬᠤᠷᠠᠯ ᠳᠤ | ᠤᠷᠤᠯᠴᠠᠪᠠ᠃ | | | | | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠯᠦᠪᠸᠢ ᠵᠡᠭᠡᠯᠢ ᠭᠤᠳᠤᠮᠵᠢ ᠶᠢᠨ ᠹᠦ᠋ ᠯᠢ | ᠴᠦᠨ ᠴᠧᠩ ᠨᠡᠶᠢᠭᠡᠮ ᠲᠣᠭᠤᠷᠢᠭ᠂ ᠰᠤᠷᠭᠠᠨ ᠬᠥᠮᠦᠵᠢᠯ ᠤᠨ ᠲᠣᠭᠤᠷᠢᠭ ᠤᠨ ᠬᠡᠦᠬᠡᠳ ᠤᠨ ᠴᠡᠴᠡᠷᠯᠢᠭ ᠲᠤ | ᠬᠦᠷᠴᠦ᠂ ᠠᠬᠤᠢ ᠭᠠᠵᠠᠷ ᠲᠤᠨᠢ ᠪᠠᠶᠢᠴᠠᠭᠠᠨ ᠦᠵᠡᠬᠦ ᠪᠠ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠬᠡᠯᠪᠡᠷᠢ ᠪᠠᠷ | ᠲᠠᠮᠵᠢᠨ ᠪᠥᠬᠦ ᠬᠤᠰᠢᠭᠤᠨ ᠤ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠤᠨ ᠲᠤᠬᠠᠢ ᠥᠭᠦᠯᠡᠯᠲᠡ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤᠳᠬᠠᠬᠤ ᠪᠣᠯᠪᠠᠰᠤᠷᠠᠭᠤᠯᠤᠯ ᠪᠠ ᠦᠨᠳᠦᠰᠦᠲᠡᠨ ᠤ ᠪᠦᠯᠬᠦᠮᠳᠡᠯ ᠢ ᠡᠭᠦᠳᠦᠨ ᠪᠠᠶᠢᠭᠤᠯᠬᠤ ᠠᠵᠢᠯ ᠢ | ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠃ | | | | | ᠳᠠᠷᠠᠭ᠎ᠠ ᠳᠤᠨᠢ᠂ ᠸᠠᠩ ᠬᠤᠩ ᠬᠤᠸᠠ ᠰᠠᠭᠤᠳᠠᠯ ᠤᠨ ᠬᠤᠷᠠᠯ ᠢ ᠡᠷᠬᠢᠯᠡᠨ ᠬᠢᠪᠡ᠃ ᠯᠢ ᠢᠦᠢ ᠹᠦ᠋ ᠠᠴᠠ | ᠪᠠᠶᠢᠴᠠᠭᠠᠨ ᠰᠤᠳᠤᠯᠬᠤ ᠳᠤᠭᠤᠶᠢᠯᠠᠩ ᠳᠤ ᠪᠥᠬᠦ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠳᠤᠳᠬᠠᠬᠤ ᠠᠵᠢᠯ ᠢ ᠥᠷᠨᠢᠭᠦᠯᠦᠭᠰᠡᠨ ᠪᠠᠶᠢᠳᠠᠯ ᠢᠶᠠᠨ ᠬᠠᠷᠢᠭᠤ ᠮᠡᠳᠡᠭᠦᠯᠪᠡ᠃ ᠸᠠᠩ | ᠬᠤᠩ ᠬᠤᠸᠠ ᠵᠠᠷᠤᠳ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠠᠵᠢᠯ ᠤᠨ ᠠᠷᠭ᠎ᠠ ᠬᠢᠳᠡᠯ᠂ ᠳᠠᠷᠠᠭᠠᠴᠢ ᠶᠢᠨ ᠠᠯᠬᠤᠮ ᠤᠨ ᠠᠵᠢᠯ ᠤᠨ ᠴᠢᠭᠯᠡᠯ ᠢ ᠭᠦᠢᠴᠡᠳ | ᠨᠤᠲᠠᠯᠠᠪᠠ᠃ ᠲᠡᠷᠡ ᠬᠡᠯᠡᠭᠰᠡᠨ ᠨᠢ᠂ ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠶᠢᠨ ᠦᠨᠳᠦᠰᠦᠲᠡᠨ ᠤ ᠬᠠᠮᠲᠤ | ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠡᠬᠦ ᠡᠨᠡᠬᠦ ᠴᠢᠬᠤᠯᠠ ᠶᠡᠭᠡ ᠨᠤᠲᠠᠯᠠᠯᠲᠠ ᠪᠣᠯᠣᠨ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠪᠠᠶᠢᠷᠢᠯᠠᠭᠤᠯᠤᠯᠲᠠ ᠶᠢ ᠲᠤᠷᠠᠳᠤᠭᠰᠠᠨ ᠨᠢ᠂ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ᠂ ᠪᠦᠬᠦ ᠲᠠᠯ᠎ᠠ ᠪᠠ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠯ ᠵᠣᠯ | ᠵᠢᠷᠭᠠᠯᠲᠤ ᠠᠮᠢᠳᠤᠷᠠᠯ ᠲᠠᠢ ᠬᠤᠯᠪᠤᠭᠳᠠᠵᠦ᠂ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠦᠨᠳᠦᠰᠦᠲᠡᠨ ᠤ | ᠠᠵᠢᠯ ᠳᠠᠬᠢ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠤᠨ ᠤᠯᠤᠰ ᠲᠦᠷᠦ ᠶᠢᠨ ᠰᠠᠭᠤᠷᠢ ᠶᠢ ᠪᠠᠲᠤᠳᠬᠠᠨ ᠪᠠᠬᠢᠵᠢᠭᠦᠯᠵᠦ᠂ ᠰᠢᠨ᠎ᠡ ᠴᠠᠭ ᠦᠶ᠎ᠡ ᠶᠢᠨ | ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ | ᠦᠵᠡᠯ ᠰᠠᠨᠠᠭ᠎ᠠ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ | ᠪᠣᠳᠠᠲᠠᠶᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ | ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠣᠨᠣᠪᠴᠢᠲᠠᠢ ᠡᠵᠡᠮᠳᠡᠵᠦ᠂ | ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠳᠠᠭᠠᠭᠤᠯᠤᠨ ᠦᠨᠳᠦᠰᠦᠲᠡᠨ ᠤ ᠪᠦᠯᠬᠦᠮᠳᠡᠯ ᠢ ᠡᠭᠦᠳᠦᠨ | ᠪᠠᠶᠢᠭᠤᠯᠬᠤ ᠠᠵᠢᠯ ᠳᠤ ᠤᠬᠠᠮᠰᠠᠷ ᠠᠴᠠ ᠪᠠᠨ ᠣᠷᠣᠯᠴᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ | ᠶᠡᠭᠡ ᠬᠤᠷᠠᠯ ᠳᠤ ᠪᠡᠯᠡᠭ ᠪᠤᠯᠭᠠᠨ ᠡᠷᠭᠦᠶ᠎ᠡ ᠭᠡᠪᠡ᠃ | | | | | ᠰᠠᠭᠤᠳᠠᠯ ᠤᠨ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠠᠴᠠ ᠦᠪᠡᠷ ᠦᠪᠡᠷ ᠤᠨ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ | ᠠᠳᠠᠯᠢ ᠪᠤᠰᠤ ᠬᠠᠷᠠᠭᠠᠰᠤ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤᠳᠬᠠᠬᠤ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠭᠰᠠᠨ ᠪᠥᠭᠡᠳ ᠰᠠᠨᠠᠯ ᠰᠠᠨᠠᠭᠤᠯᠭ᠎ᠠ | ᠳᠤᠷᠠᠳᠪᠠ᠃ |