ᠼᠤᠤ ᠢᠦᠢ ᠯᠦᠩ ᠬᠤᠩᠬᠠᠲᠤ ᠠᠭᠤᠯᠠ ᠪᠠᠯᠭᠠᠰᠤᠨ ᠤ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠪᠠᠷᠢᠯᠭ᠎ᠠ ᠶᠢᠨ ᠠᠬᠤᠢ ᠲᠠᠯᠠᠪᠠᠢ ᠳᠤ ᠬᠦᠷᠴᠦ ᠪᠠᠶᠢᠴᠠᠭᠠᠪᠠ
ᠨᠡᠶᠢᠲᠡᠯᠡᠭᠰᠡᠨ ᠴᠠᠭ᠄
2022/8/26
    8 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠼᠤᠤ ᠢᠦᠢ ᠯᠦᠩ ᠬᠤᠩᠬᠠᠲᠤ ᠠᠭᠤᠯᠠ ᠪᠠᠯᠭᠠᠰᠤᠨ ᠤ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠪᠠᠷᠢᠯᠭ᠎ᠠ ᠶᠢᠨ ᠠᠬᠤᠢ ᠲᠠᠯᠠᠪᠠᠢ ᠳᠤ ᠬᠦᠷᠴᠦ ᠪᠠᠶᠢᠴᠠᠭᠠᠯᠲᠠ ᠬᠢᠪᠡ᠃ ᠼᠤᠤ ᠢᠦᠢ ᠯᠦᠩ ᠬᠠᠮᠢᠶ᠎ᠠ ᠪᠦᠬᠦᠢ ᠮᠠᠲ᠋ᠧᠷᠢᠶᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠦᠷᠦᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠠᠰᠠᠭᠤᠳᠠᠯ ᠪᠣᠯᠣᠨ ᠬᠦᠴᠢᠷᠳᠡᠯ ᠢ ᠯᠠᠪᠯᠠᠨ ᠠᠰᠠᠭᠤᠪᠠ᠃
df351a14bb468713718f7b9cb179036.jpg
 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号