| 8 ᠰᠠᠷ᠎ᠠ ᠶᠢᠨ 25 ᠤ ᠡᠳᠦᠷ᠂ ᠳᠡᠳ᠋ ᠬᠤᠰᠢᠭᠤᠨ ᠳᠠᠷᠤᠭ᠎ᠠ ᠯᠢ ᠶᠦᠩ ᠬᠠᠢ ᠦᠨᠡᠭᠡᠴᠢ ᠰᠤᠮᠤᠨ ᠳᠤ ᠬᠦᠷᠴᠦ | ᠬᠦᠳᠡᠭᠡ ᠲᠣᠰᠬᠤᠨ ᠮᠠᠯᠵᠢᠬᠤ ᠣᠷᠣᠨ ᠤ ᠵᠣᠷᠯᠣᠩ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠶᠢᠴᠠᠭᠠᠨ ᠦᠵᠡᠵᠦ | ᠵᠢᠭᠠᠨ ᠵᠢᠯᠣᠭᠤᠳᠪᠠ᠃ ᠲᠡᠷᠡ ᠴᠢᠬᠤᠯᠠᠴᠢᠯᠠᠭᠰᠠᠨ ᠨᠢ᠂ ᠵᠢᠭᠰᠠᠭᠠᠨ ᠪᠠᠶᠢᠴᠠᠭᠠᠬᠤ ᠶᠢ ᠪᠣᠳᠠᠲᠠᠶᠢᠵᠢᠭᠤᠯᠵᠤ᠂ | ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠵᠤ᠂ ᠰᠢᠯᠭᠠᠨ ᠬᠤᠷᠢᠶᠠᠬᠤ ᠶᠢ ᠪᠣᠳᠠᠲᠠᠶᠢᠵᠢᠭᠤᠯᠵᠤ᠂ | ᠦᠢᠯᠡᠴᠢᠯᠡᠭᠡ ᠶᠢ ᠪᠣᠳᠠᠲᠠᠶᠢᠵᠢᠭᠤᠯᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠴᠠᠭ ᠤᠨ ᠬᠢᠵᠠᠭᠠᠷ ᠶᠣᠰᠣᠭᠠᠷ | ᠥᠨᠳᠥᠷ ᠪᠠᠷᠢᠮᠵᠢᠶ᠎ᠠ ᠪᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠪᠡᠶᠡᠯᠡᠭᠦᠯᠬᠦ ᠬᠡᠷᠡᠭᠲᠡᠢ᠃ ᠪᠠᠷᠢᠯᠭ᠎ᠠ ᠶᠢᠨ ᠠᠵᠢᠯ ᠤᠨ | ᠪᠠᠷᠢᠮᠵᠢᠶ᠎ᠠ ᠵᠢᠷᠤᠮᠵᠢᠯ ᠢ ᠴᠢᠩᠳᠠᠯᠠᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ | ᠪᠠᠷᠢᠯᠭ᠎ᠠ ᠶᠢᠨ ᠠᠵᠢᠯ ᠤᠨ ᠠᠬᠢᠴᠠ ᠶᠢᠨ ᠪᠣᠭᠤᠮᠲᠠ᠂ ᠪᠠᠷᠢᠯᠭ᠎ᠠ ᠶᠢᠨ ᠶᠠᠰᠤ ᠴᠢᠨᠠᠷ ᠤᠨ ᠪᠣᠭᠤᠮᠲᠠ᠂ ᠪᠠᠷᠢᠯᠭ᠎ᠠ | ᠳᠠᠭᠤᠰᠤᠭᠰᠠᠨ ᠤ ᠳᠠᠷᠠᠭ᠎ᠠ ᠰᠢᠯᠭᠠᠨ ᠬᠤᠷᠢᠶᠠᠬᠤ ᠪᠣᠭᠤᠮᠲᠠ ᠶᠢ ᠦᠨᠡᠨ ᠬᠦ ᠰᠠᠶᠢᠲᠤᠷ ᠠᠳᠬᠤᠬᠤ ᠬᠡᠷᠡᠭᠲᠡᠢ᠃ | ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠪᠠᠶᠢᠩᠭᠤᠵᠢᠭᠰᠠᠨ ᠬᠠᠮᠢᠶᠠᠷᠴᠤ | ᠬᠠᠮᠠᠭᠠᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠣᠯᠠᠨ ᠲᠦᠮᠡᠨ ᠤ ᠬᠠᠷᠢᠭᠤ ᠲᠤᠰᠬᠠᠬᠤ ᠠᠷᠭ᠎ᠠ ᠵᠠᠮ ᠢ | ᠰᠠᠭᠠᠳ ᠦᠭᠡᠢ ᠨᠠᠪᠲᠠᠷᠡᠭᠦᠯᠵᠦ᠂ ᠥᠨᠳᠥᠷ ᠪᠦᠲᠦᠮᠵᠢᠲᠡᠶ ᠬᠠᠮᠢᠶᠠᠷᠴᠤ ᠬᠠᠮᠠᠭᠠᠯᠠᠬᠤ ᠶᠢ ᠪᠡᠶᠡᠯᠡᠭᠦᠯᠦᠨ᠂ ᠣᠯᠠᠨ | ᠲᠦᠮᠡᠨ ᠢ ᠢᠳᠡᠪᠬᠢᠲᠡᠢ ᠬᠥᠲᠥᠯᠥᠨ ᠵᠢᠯᠤᠭᠤᠳᠴᠤ ᠪᠠᠶᠢᠭᠠᠳ ᠠᠷᠢᠭᠤᠨ ᠴᠡᠪᠡᠷ ᠰᠠᠶᠢᠨ ᠰᠠᠶᠢᠬᠠᠨ ᠳᠠᠳᠬᠠᠯ ᠲᠠᠢ | ᠪᠣᠯᠭᠠᠵᠤ᠂ ᠵᠣᠷᠯᠣᠩ ᠤᠨ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠪᠠᠬᠢᠵᠢᠭᠦᠯᠦᠨ | ᠳᠡᠭᠡᠭᠰᠢᠯᠡᠭᠦᠯᠬᠦ ᠬᠡᠷᠡᠭᠲᠡᠢ ᠭᠡᠪᠡ᠃ | | | |