ᠦ᠋ ᠴᠢᠩ ᠬᠠᠢ ᠭᠤᠸᠠᠩᠳᠦ᠋ᠩ ᠮᠤᠵᠢ ᠳᠤ ᠬᠦᠷᠴᠦ ᠬᠥᠩᠭᠡᠨ ᠴᠠᠭᠠᠨ ᠤ ᠬᠠᠪᠲᠠᠰᠤ ᠪᠦᠰᠡ ᠪᠣᠯᠣᠨ ᠢᠯᠳᠠᠰᠦ ᠪᠣᠯᠪᠠᠰᠤᠷᠠᠭᠤᠯᠬᠤ ᠵᠦᠢᠯᠡᠰ ᠢ ᠰᠢᠨᠵᠢᠯᠡᠨ ᠪᠠᠶᠢᠴᠠᠭᠠᠵᠤ ᠵᠦᠪᠳᠡᠨ ᠬᠡᠯᠡᠯᠴᠡᠪᠡ
ᠨᠡᠶᠢᠲᠡᠯᠡᠭᠰᠡᠨ ᠴᠠᠭ᠄
2022/8/26
    8 ᠰᠠᠷ᠎ᠠ ᠶᠢᠨ 25 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠦ᠋ ᠴᠢᠩ ᠬᠠᠢ ᠵᠠᠬᠠᠨᠠᠭᠤᠷ ᠠᠵᠤ ᠦᠢᠯᠡᠰ ᠤᠨ  ᠲᠣᠭᠤᠷᠢᠭ᠂ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠤᠨ ᠬᠤᠳᠠᠯᠳᠤᠭᠠᠴᠢᠨ ᠤᠷᠢᠬᠤ ᠪᠠᠭ᠎ᠠ ᠬᠤᠪᠢᠶᠠᠷᠢ ᠠᠩᠭᠢ ᠶᠢ ᠳᠠᠭᠠᠭᠤᠯᠤᠨ ᠤᠷᠢᠳ ᠬᠤᠵᠢᠳ ᠭᠤᠸᠠᠩᠳᠦ᠋ᠩ ᠤᠨ ᠵᠣᠤ ᠴᠢᠩ ᠤᠨ ᠴᠢᠨ ᠬᠤᠸᠠᠩ ᠬᠥᠩᠭᠡᠨ ᠴᠠᠭᠠᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠪᠠᠩ ᠯᠢ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠳ᠋ᠢᠩ ᠹᠧᠩ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠴᠦ ᠬᠥᠩᠭᠡᠨ ᠴᠠᠭᠠᠨ ᠤ ᠬᠠᠪᠳᠠᠰᠤ ᠪᠦᠰᠡ ᠢᠯᠳᠠᠰᠦ ᠪᠣᠯᠪᠠᠰᠤᠷᠠᠭᠤᠯᠬᠤ ᠲᠦᠷᠦᠯ ᠵᠦᠢᠯ ᠢ ᠰᠢᠨᠵᠢᠯᠡᠨ ᠪᠠᠶᠢᠴᠠᠭᠠᠵᠤ ᠵᠦᠪᠳᠡᠨ ᠬᠡᠯᠡᠯᠴᠡᠪᠡ᠃ ᠦ᠋ ᠴᠢᠩ ᠬᠠᠢ ᠠᠴᠠ ᠪᠦᠭᠦ ᠬᠤᠰᠢᠭᠤᠨ ᠤ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠬᠥᠭᠵᠢᠯᠲᠡ ᠶᠢᠨ ᠳᠠᠪᠠᠭᠤᠯᠢᠭ ᠵᠢᠴᠢ  ᠬᠤᠳᠠᠯᠳᠣᠭᠠᠴᠢᠨ ᠤᠷᠢᠵᠤ ᠪᠡᠯᠡ ᠲᠠᠲᠠᠬᠤ ᠬᠠᠮᠢᠶ᠎ᠠ ᠪᠦᠬᠦᠢ ᠲᠦᠷᠤ ᠶᠢᠨ ᠪᠣᠳᠣᠯᠭ᠎ᠠ ᠶᠢ ᠨᠠᠷᠢᠨ ᠲᠠᠨᠢᠯᠴᠠᠭᠤᠯᠵᠤ᠂ ᠬᠤᠶᠠᠷ ᠲᠠᠯ᠎ᠠ ᠪᠠᠷ ᠢᠶᠠᠨ ᠠᠩᠬ᠎ᠠ ᠠᠯᠬᠤᠮ ᠬᠠᠮᠲᠤᠷᠠᠯᠴᠠᠭᠠᠨ ᠲᠥᠷᠦᠯ ᠳᠤ ᠰᠠᠨᠠᠯ ᠨᠢᠭᠡᠳᠦᠭᠰᠡᠨ ᠪᠥᠭᠡᠳ ᠣᠶᠢᠷ᠎ᠠ ᠶᠢᠨ ᠬᠤᠭᠤᠴᠠᠭᠠᠨ ᠳᠤ ᠵᠠᠷᠤᠳ ᠬᠤᠰᠢᠭᠤᠨ ᠳᠤ ᠬᠦᠷᠴᠦ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠬᠠᠮᠲᠤᠷᠠᠯᠴᠠᠬᠤ ᠨᠠᠷᠢᠨ ᠵᠦᠢᠯᠡᠰ ᠢ ᠤᠯᠠᠮ ᠨᠢᠭᠡ ᠠᠯᠬᠤᠮ ᠵᠥᠪᠳᠡᠯᠴᠡᠬᠦ ᠪᠠᠷ ᠲᠦᠯᠦᠪᠯᠡᠪᠡ᠃
de844b36877e5d150f6bfe6d323bd3b.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号