ᠵᠠᠷᠤᠳ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ 35 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ ᠬᠤᠷᠠᠯ  ᠬᠢᠪᠡ
ᠨᠡᠶᠢᠲᠡᠯᠡᠭᠰᠡᠨ ᠴᠠᠭ᠄
2022/8/29
    8 ᠰᠠᠷ᠎ᠠ ᠶᠢᠨ 27 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ 35 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ ᠬᠤᠷᠠᠯ ᠬᠤᠷᠠᠯᠳᠤᠵᠤ᠂ ᠶᠡᠷᠦᠩᠬᠡᠢ ᠱᠦᠵᠢ ᠰᠢ ᠶᠢᠨ ᠫᠢᠩ ᠶᠢᠨ ᠯᠢᠶᠣᠤᠨᠢᠩ ᠳᠤ ᠠᠵᠢᠯ ᠪᠠᠶᠢᠴᠠᠭᠠᠬᠤ ᠳᠠᠭᠠᠨ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠶᠢᠨ ᠦᠶᠡᠷ ᠢ ᠰᠡᠷᠭᠡᠶᠢᠯᠡᠬᠦ ᠪᠠ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠶᠢᠨ ᠲᠥᠪ ᠤᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠵᠤ᠂ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ ᠬᠤᠯᠪᠣᠭᠳᠠᠯ ᠪᠦᠬᠦᠢ ᠵᠦᠢᠯᠡᠰ ᠢ ᠰᠤᠳᠤᠯᠤᠨ ᠶᠠᠷᠢᠯᠴᠠᠪᠠ᠂ ᠪᠠᠰᠠ ︽ᠵᠠᠷᠤᠳ ᠬᠤᠰᠢᠭᠤᠨ ᠤ ᠤᠯᠤᠰ ᠤᠨ ᠥᠮᠴᠢᠯᠡᠯᠲᠦ ᠭᠠᠵᠠᠷ ᠰᠢᠷᠣᠢ ᠳᠡᠭᠡᠷᠡᠬᠢ ᠭᠡᠷ ᠪᠠᠶᠢᠰᠢᠩ ᠢ ᠲᠠᠲᠠᠪᠤᠷᠢᠯᠠᠬᠤ ᠪᠠ ᠨᠥᠬᠦᠪᠦᠷᠢ ᠥᠭᠬᠦ ᠲᠦᠷ ᠬᠡᠷᠡᠭᠵᠢᠭᠦᠯᠬᠦ ᠠᠷᠭ᠎ᠠ︾ ᠪᠠ ︽ᠵᠠᠷᠤᠳ ᠬᠤᠰᠢᠭᠤᠨ ᠤ ᠡᠨᠧᠷᠭᠢ ᠶᠢᠨ ᠪᠡᠯᠡ ᠣᠷᠣᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠪᠡᠯᠡᠳᠬᠡᠨ ᠪᠠᠶᠢᠭᠤᠯᠬᠤ ᠠᠵᠢᠯ ᠤᠨ ᠲᠥᠰᠥᠯ︾ ᠢ ᠬᠢᠨᠠᠨ ᠵᠥᠪᠯᠡᠵᠦ ᠪᠠᠲᠤᠯᠠᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠣ ᠶᠠᠨ ᠵᠢᠶᠦ᠋ᠨ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠭᠦᠸᠧ ᠮᠢᠩ ᠴᠢᠶᠦ᠋ᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠪᠠᠲᠤ ᠵᠡᠷᠭᠡ ᠪᠠᠶᠢᠩᠭᠤ ᠶᠢᠨ ᠭᠡᠰᠢᠭᠦᠳ ᠬᠤᠷᠠᠯ ᠳᠤ ᠤᠷᠤᠯᠴᠠᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠦ᠋ ᠴᠢᠩ ᠬᠠᠢ ᠬᠤᠷᠠᠯ ᠳᠤ ᠰᠤᠯᠠ ᠤᠷᠤᠯᠴᠠᠪᠠ᠃     
微信图片_20220829095616.jpg
     ᠱᠤᠤ ᠶᠠᠨ ᠵᠢᠶᠦ᠋ᠨ ᠠᠴᠠ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠪᠠᠨ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠴᠠᠭ ᠬᠤᠭᠤᠴᠠᠭ᠎ᠠ ᠵᠠᠩᠭᠢᠯᠠᠭ᠎ᠠ ᠶᠢᠨ ᠴᠡᠭ ᠢ ᠠᠳᠬᠤᠵᠦ ᠡᠯ᠎ᠡ ᠵᠦᠢᠯ ᠤᠨ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠬᠡᠷᠡᠭᠲᠡᠢ᠃ ᠡᠯ᠎ᠡ ᠬᠠᠮᠢᠶ᠎ᠠ ᠪᠦᠬᠦᠢ ᠨᠢᠭᠡᠴᠡ ᠶᠢᠨ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠰᠠᠨᠠᠭᠠᠴᠢᠯᠠᠭ᠎ᠠ ᠠᠴᠠ ᠪᠠᠨ ᠡᠭᠦᠷᠭᠡ ᠡᠭᠦᠷᠭᠡᠯᠡᠨ ᠠᠵᠢᠯᠯᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠪᠠᠶᠢᠩᠭᠤᠵᠢᠭᠰᠠᠨ ᠲᠣᠭᠲᠠᠴᠠ ᠶᠢ ᠢᠳᠡᠭ ᠢᠳᠡᠭ ᠢᠶᠠᠷ ᠪᠠᠶᠢᠭᠤᠯᠬᠤ ᠬᠡᠷᠡᠭᠲᠡᠢ᠃ ᠪᠤᠰᠤᠳ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠬᠠᠮᠳᠤᠷᠠᠨ ᠬᠠᠮᠵᠢᠯᠴᠠᠵᠤ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠲᠣᠰ ᠰᠠᠯᠠᠭ᠎ᠠ ᠮᠥᠴᠢᠷ ᠲᠣᠰ ᠠᠵᠢᠯ ᠲᠥᠷᠥᠯ ᠤᠨ ᠢᠶᠠᠨ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠵᠢᠭᠰᠠᠭᠠᠨ ᠪᠠᠶᠢᠴᠠᠭᠠᠵᠤ᠂ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠴᠡᠭᠴᠡᠯᠡᠨ ᠰᠠᠶᠢᠵᠢᠷᠠᠭᠤᠯᠬᠤ ᠠᠵᠢᠯ ᠢ ᠮᠥᠷᠳᠡᠨ ᠲᠣᠬᠢᠷᠠᠭᠤᠯᠵᠤ ᠰᠢᠮᠳᠠᠭᠤᠯᠬᠤ ᠬᠡᠷᠡᠭᠲᠡᠢ᠃ ᠬᠠᠷᠢᠶ᠎ᠠ ᠭᠠᠵᠠᠷ ᠤᠨ ᠠᠰᠠᠭᠤᠳᠠᠯ ᠲᠠᠢ ᠠᠵᠤ ᠠᠬᠤᠶᠢᠯᠠᠯ ᠳᠤ ᠬᠢᠨᠠᠯᠲᠠ ᠬᠠᠮᠢᠶᠠᠷᠤᠯᠲᠠ ᠬᠢᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠵᠢᠭᠰᠠᠭᠠᠨ ᠪᠠᠶᠢᠴᠠᠭᠠᠬᠤ ᠠᠵᠢᠯ ᠤᠨ ᠳᠤᠮᠳᠠ ᠰᠢᠮᠳᠠᠭᠤᠯᠬᠤ ᠶᠢᠨ ᠳᠠᠭᠠᠤ ᠰᠠᠶᠢᠵᠢᠷᠠᠭᠤᠯᠵᠤ᠂ ᠳᠠᠷᠤᠶᠢᠬᠠᠨ ᠬᠡᠷᠡᠭᠵᠢᠭᠦᠯᠵᠦ ᠳᠠᠷᠤᠶᠢᠬᠠᠨ ᠰᠠᠶᠢᠵᠢᠷᠠᠭᠤᠯᠵᠤ᠂ ᠠᠰᠠᠭᠤᠳᠠᠯ ᠢ ᠪᠠᠶᠢᠴᠠᠭᠠᠨ ᠲᠣᠳᠣᠯᠠᠬᠤ ᠦᠭᠡᠢ ᠪᠣᠯ ᠲᠠᠯᠪᠢᠬᠤ ᠦᠭᠡᠢ᠂ ᠲᠤᠶᠢᠯᠪᠤᠷᠢᠲᠠᠢ ᠰᠢᠢᠳᠪᠦᠷᠢᠯᠡᠬᠦ ᠦᠭᠡᠢ ᠪᠣᠯ ᠲᠠᠯᠪᠢᠬᠤ ᠦᠭᠡᠢ ᠪᠠᠶᠢᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     
微信图片_20220829095621.jpg
     ᠱᠤᠤ ᠶᠠᠨ ᠵᠢᠶᠦ᠋ᠨ ᠱᠠᠭᠠᠷᠳᠠᠭᠰᠠᠨ  ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠵᠠᠬᠢᠳᠠᠯ ᠰᠣᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠠᠵᠢᠯ ᠢ ᠣᠳᠣᠬᠠᠨ ᠤ ᠴᠢᠬᠤᠯᠠ ᠪᠥᠭᠡᠳ ᠣᠨᠴᠠᠭᠠᠢ ᠠᠵᠢᠯ ᠪᠣᠯᠭᠠᠨ ᠠᠳᠬᠤᠵᠤ᠂ ᠤᠯᠤᠰ ᠲᠦᠷᠦ ᠶᠢ ᠡᠷᠬᠢᠮᠯᠡᠬᠦ᠂ ᠶᠡᠭᠡ ᠲᠠᠯ᠎ᠠ ᠶᠢ ᠬᠠᠷᠠᠭᠠᠯᠵᠠᠬᠤ ᠥᠨᠳᠥᠷᠴᠡ ᠠᠴᠠ ᠨᠠᠶᠢᠳᠠᠪᠤᠷᠢᠵᠢᠭᠤᠯᠤᠯᠲᠠ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠤᠯᠠᠨ ᠲᠦᠮᠡᠨ ᠤ ᠠᠵᠢᠯ ᠢ ᠰᠠᠶᠢᠲᠤᠷ ᠬᠢᠵᠦ ᠂ ᠤᠯᠠᠨ ᠲᠦᠮᠡᠨ ᠤ ᠵᠣᠪᠠᠭᠤᠷᠢ ᠵᠦᠳᠡᠭᠦᠷᠢ ᠶᠢ ᠦᠨᠡᠨᠬᠦ ᠰᠢᠢᠳᠪᠦᠷᠢᠯᠡᠵᠦ ᠥᠭᠬᠦ ᠬᠡᠷᠡᠭᠲᠡᠢ︔ ᠵᠢᠭᠰᠠᠭᠠᠨ ᠪᠠᠶᠢᠴᠠᠭᠠᠵᠤ ᠰᠢᠢᠳᠪᠤᠷᠢᠯᠡᠬᠦ ᠡᠷᠴᠢᠮ ᠢᠶᠠᠨ ᠴᠢᠩᠭᠠᠷᠠᠭᠤᠯᠵᠤ᠂ ᠵᠢᠭᠰᠠᠭᠠᠨ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠨᠢᠭᠡᠳ ᠨᠢᠭᠡ ᠪᠠᠷ ᠡᠮᠬᠢᠯᠡᠨ ᠲᠥᠷᠥᠯᠵᠢᠭᠦᠯᠵᠦ᠂ ᠵᠠᠳᠠᠯᠤᠨ ᠰᠤᠳᠤᠯᠵᠤ ᠮᠠᠭᠠᠳᠯᠠᠭᠠᠳ᠂ ᠠᠰᠠᠭᠤᠳᠠᠯ ᠤᠨ ᠬᠡᠮ ᠰᠣᠭᠤᠭ ᠢ ᠲᠣᠳᠣᠷᠬᠠᠶᠢᠯᠠᠵᠤ᠂ ᠰᠢᠢᠳᠪᠤᠷᠢᠯᠡᠬᠦ ᠠᠷᠭ᠎ᠠ ᠬᠡᠮᠵᠢᠶ᠎ᠡ ᠲᠣᠭᠲᠠᠭᠠᠨ᠂ ᠲᠤᠰᠬᠠᠢ ᠬᠥᠮᠥᠨ ᠢᠶᠠᠷ ᠬᠠᠷᠢᠭᠤᠴᠠᠭᠤᠯᠵᠤ᠂ ᠲᠣᠭᠲᠠᠭᠤᠨ ᠢᠶᠠᠷ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠵᠠᠬᠢᠳᠠᠯ ᠰᠣᠷᠪᠤᠯᠵᠢᠯᠠᠭ᠎ᠠ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠴᠤᠭᠯᠠᠭᠤᠯᠤᠨ ᠵᠠᠳᠠᠯᠬᠤ ᠪᠠ ᠬᠢᠨᠠᠨ ᠡᠵᠡᠮᠳᠡᠵᠦ ᠬᠥᠲᠥᠯᠥᠨ ᠵᠢᠯᠤᠭᠤᠳᠬᠤ ᠠᠵᠢᠯ ᠢ ᠦᠨᠡᠨᠬᠦ ᠰᠠᠶᠢᠲᠤᠷ ᠬᠢᠵᠦ᠂ ᠭᠡᠨᠡᠳᠲᠡ ᠶᠢᠨ ᠬᠡᠷᠡᠭ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠬᠡᠷᠡᠭ ᠢ ᠴᠢᠩᠭ᠎ᠠ ᠰᠡᠷᠭᠡᠶᠢᠯᠡᠨ᠂ ᠵᠠᠬᠢᠳᠠᠯ ᠰᠣᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ ᠢ ᠴᠠᠭ ᠲᠤᠬᠠᠢ ᠳᠤᠨᠢ ᠢᠯᠡ ᠪᠣᠯᠭᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠴᠠ ᠶᠢᠨ ᠪᠠᠶᠢᠳᠠᠯ ᠢ ᠢᠳᠡᠪᠬᠢᠲᠡᠢ ᠤᠬᠠᠭᠤᠯᠵᠤ᠂ ᠨᠡᠶᠢᠲᠡᠯᠢᠭ ᠬᠡᠷᠡᠭ ᠢ ᠢᠯᠡᠴᠢᠯᠡᠬᠦ ᠡᠷᠴᠢᠮ ᠢᠶᠠᠨ ᠴᠢᠩᠭᠠᠷᠠᠭᠤᠯᠤᠨ᠂ ᠨᠡᠶᠢᠭᠡᠮ ᠨᠡᠶᠢᠳᠡ ᠶᠢᠨ ᠠᠩᠬᠠᠷᠤᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤ ᠥᠭᠬᠦ ᠬᠡᠷᠡᠭᠲᠡᠢ᠃ ᠬᠢᠨᠠᠨ ᠰᠢᠯᠭᠠᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠬᠦ ᠦᠭᠡᠢ ᠠᠵᠢᠯ ᠬᠢᠬᠦ ᠦᠭᠡᠢ᠂ ᠴᠢᠨᠠᠭᠰᠢᠯᠠᠪᠠᠯ ᠬᠤᠳᠠᠯ ᠬᠡᠯᠡᠵᠦ ᠬᠠᠭᠤᠷᠮᠠᠭ ᠢᠶᠠᠷ ᠦᠢᠯᠡᠳᠦᠭᠰᠡᠳ ᠢ ᠲᠤᠤᠱᠲᠠᠢ ᠪᠠᠶᠢᠴᠠᠭᠠᠨ ᠴᠢᠩᠭ᠎ᠠ ᠰᠢᠢᠳᠪᠦᠷᠢᠯᠡᠵᠦ᠂ ᠰᠦᠷᠳᠡᠭᠦᠯᠦᠯ ᠦᠵᠡᠭᠦᠯᠤᠨ ᠂ ᠲᠥᠪ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠪᠠᠷ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠬᠢᠬᠦ ᠶᠢ ᠭᠡᠳᠡᠷᠬᠦ ᠰᠢᠬᠠᠮᠳᠠᠭᠤᠯᠬᠤ ᠬᠡᠷᠡᠭᠲᠡᠢ᠃ ᠬᠤᠯᠪᠤᠭᠠᠯᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠦᠷᠢᠨᠰᠢᠭᠦᠯᠬᠦ ᠶᠢ ᠴᠢᠩᠭᠠᠳᠬᠠᠵᠤ᠂ ᠵᠣᠯᠭᠠᠭᠤᠯᠵᠤ ᠵᠣᠬᠢᠴᠠᠭᠤᠯᠬᠤ ᠠᠵᠢᠯ ᠢ ᠰᠠᠶᠢᠲᠤᠷ ᠬᠢᠵᠦ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠵᠥᠷᠢᠴᠡᠯ ᠢ ᠦᠨᠡᠨᠬᠦ ᠠᠷᠢᠯᠭᠠᠵᠤ᠂ ᠵᠠᠬᠢᠳᠠᠯ ᠰᠣᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠪᠠ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠢ ᠪᠠᠲᠤᠯᠠᠵᠤ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠬᠤᠷᠠᠯᠳᠤᠬᠤ ᠶᠢ ᠤᠭᠲᠤᠬᠤ ᠬᠡᠷᠡᠭᠲᠡᠢ ᠭᠡᠪᠡ᠃     ᠬᠤᠷᠠᠯ ᠠᠴᠠ ᠪᠠᠰᠠ ᠬᠤᠰᠢᠭᠤᠨ ᠤ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠶᠢᠨ ᠲᠥᠪ ᠤᠨ ᠬᠠᠮᠲᠤᠷᠠᠭᠰᠠᠨ ᠠᠯᠪᠠᠨ ᠭᠡᠷ ᠤᠨ ︽ᠳᠠᠪᠬᠤᠷᠳᠠᠭᠰᠠᠨ ᠵᠠᠬᠢᠳᠠᠯ ᠰᠣᠷᠪᠤᠯᠵᠢᠯᠠᠭ᠎ᠠ ᠶᠢ ᠵᠠᠰᠠᠵᠤ᠂ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠷᠢᠯᠭᠠᠬᠤ︾ ᠲᠤᠰᠬᠠᠢ ᠠᠵᠢᠯ ᠤᠨ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠤᠨ  ᠰᠢᠢᠳᠪᠤᠷᠢᠯᠡᠭᠡᠳᠤᠢ ᠤᠴᠢᠷ ᠶᠠᠪᠤᠳᠠᠯ ᠤᠨ ᠲᠤᠬᠠᠢ ᠬᠠᠷᠢᠭᠤ ᠮᠡᠳᠡᠭᠦᠯᠦᠯᠲᠡ ᠰᠤᠨᠤᠰᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号