| 8 ᠰᠠᠷ᠎ᠠ ᠶᠢᠨ 23 ᠤ ᠡᠳᠦᠷ ᠠᠴᠠ 24 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠠᠮᠢᠲᠠᠨ ᠤ ᠡᠷᠡᠭᠦᠯ | ᠬᠠᠮᠠᠭᠠᠯᠠᠯ ᠬᠢᠭᠡᠳ ᠲᠠᠬᠤᠯ ᠡᠪᠡᠳᠴᠢᠨ ᠤ ᠰᠤᠳᠤᠯᠤᠯ ᠤᠨ ᠲᠥᠪ ᠤᠨ ᠡᠷᠬᠢᠯᠡᠭᠴᠢ ᠮᠠ ᠬᠤᠩ ᠴᠤᠸ ᠤᠯᠤᠰ ᠤᠨ | ᠦᠨᠡᠯᠡᠨ ᠵᠢᠱᠢᠬᠦ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠢᠨ ᠢ ᠳᠠᠭᠠᠭᠤᠯᠤᠨ ᠵᠠᠷᠤᠳ ᠬᠤᠰᠢᠭᠤᠨ ᠳᠤ | ᠢᠷᠡᠵᠦ᠂ ᠥᠪᠥᠷ ᠮᠣᠩᠭᠤᠯ ᠤᠨ ᠵᠠᠷᠣᠳ ᠬᠤᠰᠢᠭᠤᠨ ᠤ ᠮᠦ ᠶᠣᠸᠠᠨ ᠬᠢᠵᠠᠭᠠᠷᠲᠤ ᠺᠣᠮᠫᠠᠨᠢ ᠶᠢᠨ ᠤᠯᠤᠰ ᠤᠨ | ᠠᠹᠷᠢᠺᠠ ᠲᠢᠪ ᠤᠨ ᠭᠠᠭ᠋ᠠᠢ ᠶᠢᠨ ᠬᠢᠵᠢᠭ ᠦᠭᠡᠢ ᠵᠢᠵᠢᠭ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠠᠬᠤᠢ | ᠲᠠᠯᠠᠪᠠᠢ ᠶᠢᠨ ᠬᠢᠨᠠᠨ ᠰᠢᠯᠭᠠᠯᠲᠠ ᠬᠢᠪᠡ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ | ᠲᠢᠩᠬᠢᠮ ᠤᠨ ᠳᠡᠳ᠋ ᠳᠠᠷᠤᠭ᠎ᠠ ᠵᠣᠣ ᠢᠦᠢ ᠱᠧᠩ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠶᠢᠨ ᠲᠢᠩᠬᠢᠮ ᠤᠨ ᠮᠠᠯ ᠡᠮᠨᠡᠯᠭᠡ ᠶᠢᠨ ᠲᠣᠪᠴᠢᠶ᠎ᠠ ᠶᠢᠨ ᠳᠠᠷᠤᠭ᠎ᠠ ᠬᠤᠩ ᠬᠠᠢ᠂ ᠬᠤᠲᠠ ᠶᠢᠨ ᠲᠠᠷᠢᠶᠠᠯᠠᠩ | ᠮᠠᠯ ᠠᠵᠤ ᠠᠬᠤᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠢᠦᠢ ᠭᠤᠸ ᠴᠧᠩ | ᠪᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠯᠢᠦ ᠶᠣᠣ | ᠲᠣᠰ ᠪᠦᠷᠢ ᠪᠠᠷ᠎ᠠ ᠪᠣᠯᠤᠭᠰᠠᠨ ᠪᠤᠶᠤ ᠬᠢᠨᠠᠨ ᠰᠢᠯᠭᠠᠬᠤ ᠬᠤᠷᠠᠯ ᠳᠤ ᠣᠣᠯᠴᠠᠪᠠ᠃ | | | | ᠦᠨᠡᠯᠡᠨ ᠵᠢᠱᠢᠬᠦ ᠬᠤᠭᠤᠴᠠᠭᠠᠨ ᠳᠤ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠢᠨ ᠠᠵᠤ | ᠠᠬᠤᠶᠢᠯᠠᠯ ᠤᠨ ᠦᠢᠯᠡᠳᠪᠦᠷᠢᠯᠡᠯ ᠤᠨ ᠨᠢᠭᠡᠴᠡ ᠪᠠ ᠲᠤᠰᠠᠯᠠᠬᠤ ᠪᠡᠯᠡᠳᠬᠡᠮᠵᠢ ᠶᠢ ᠲᠤᠬᠠᠢ ᠶᠢᠨ ᠭᠠᠵᠠᠷ ᠲᠤᠨᠢ | ᠬᠠᠷᠭᠤᠭᠤᠯᠤᠨ ᠪᠠᠶᠢᠴᠠᠭᠠᠬᠤ᠂ ᠬᠠᠷᠠᠭᠠᠨ ᠳᠠᠪᠲᠠᠮᠵᠢ ᠪᠠᠷ ᠲᠡᠵᠢᠭᠡᠪᠦᠷᠢ ᠶᠢᠨ ᠲᠠᠯᠠᠪᠠᠶ ᠶᠢᠨ ᠳᠣᠲᠣᠭᠠᠳᠤ ᠶᠢᠨ | ᠪᠠᠶᠢᠳᠠᠯ ᠢ ᠪᠠᠶᠢᠴᠠᠭᠠᠨ ᠦᠵᠡᠬᠦ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠬᠢᠨ ᠤ ᠬᠢᠨᠠᠨ ᠬᠠᠮᠢᠶᠠᠷᠴᠤ ᠪᠠᠶᠢᠭ᠎ᠠ | ᠪᠠᠶᠢᠳᠠᠯ ᠢ ᠪᠠᠶᠢᠴᠠᠭᠠᠬᠤ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠬᠢᠭᠡᠳ ᠠᠵᠤ ᠠᠬᠤᠶᠢᠯᠠᠯ ᠬᠢᠨ ᠤ ᠬᠠᠷᠢᠭᠤ | ᠮᠡᠳᠡᠭᠦᠯᠦᠯᠲᠡ ᠶᠢ ᠰᠣᠨᠣᠰᠬᠤ᠂ ᠲᠡᠮᠳᠡᠭᠯᠡᠯ ᠪᠠ ᠲᠠᠩᠰᠠ ᠡᠪᠬᠡᠮᠡᠯ ᠮᠠᠲ᠋ᠧᠷᠢᠶᠠᠯ ᠢ ᠪᠠᠶᠢᠴᠠᠭᠠᠨ ᠦᠵᠡᠬᠦ ᠵᠡᠷᠭᠡ ᠠᠷᠭ᠎ᠠ | ᠮᠠᠶ᠋ᠢᠭ ᠢᠶᠠᠷ ᠥᠪᠥᠷ ᠮᠣᠩᠭᠤᠯ ᠤᠨ ᠵᠠᠷᠣᠳ ᠬᠤᠰᠢᠭᠤᠨ ᠤ ᠮᠦ ᠶᠤᠸᠠᠨ ᠬᠢᠵᠠᠭᠠᠷᠲᠤ ᠺᠣᠮᠫᠠᠨᠢ ᠶᠢᠨ ᠠᠮᠢᠳᠤ | ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯᠯᠠᠭᠠᠨ ᠤ ᠪᠠᠶᠢᠳᠠᠯ ᠢ | ᠨᠠᠷᠢᠨ ᠣᠶᠢᠯᠠᠭᠠᠪᠠ᠃ ᠤᠯᠠᠨ ᠲᠠᠯ᠎ᠠ ᠶᠢᠨ ᠰᠢᠨᠵᠢᠯᠡᠨ ᠪᠠᠶᠢᠴᠠᠭᠠᠯᠲᠠ ᠪᠠ ᠴᠢᠩᠭ᠎ᠠ ᠦᠨᠡᠯᠡᠯᠲᠡ ᠬᠢᠬᠦ ᠪᠠᠷ ᠳᠠᠮᠵᠢᠨ᠂ | ᠲᠤᠰᠬᠠᠢ ᠮᠡᠷᠭᠡᠵᠢᠯᠲᠡᠨ ᠤ ᠳᠤᠭᠤᠶᠢᠯᠠᠩ ᠬᠢᠨ ᠠᠴᠠ ᠥᠪᠥᠷ ᠮᠣᠩᠭᠤᠯ ᠤᠨ ᠵᠠᠷᠣᠳ ᠬᠤᠰᠢᠭᠤᠨ ᠤ ᠮᠦ ᠶᠤᠸᠠᠨ | ᠬᠢᠵᠠᠭᠠᠷᠲᠤ ᠺᠣᠮᠫᠠᠨᠢ ᠶᠢᠨ ᠠᠹᠷᠢᠺᠠ ᠲᠢᠪ ᠤᠨ ᠭᠠᠭ᠋ᠠᠢ ᠶᠢᠨ ᠬᠢᠵᠢᠭ ᠦᠭᠡᠢ ᠵᠢᠵᠢᠭ ᠲᠣᠭᠤᠷᠢᠭ ᠤᠨ | ᠪᠠᠶᠢᠭᠤᠯᠣᠣᠲᠠ ᠶᠢ ᠠᠬᠤᠢ ᠲᠠᠯᠠᠪᠠᠢ ᠳᠤ ᠬᠢᠨᠠᠨ ᠰᠢᠯᠭᠠᠬᠤ ᠪᠠᠷ ᠳᠠᠮᠵᠢᠨ ᠪᠠᠲᠣᠯᠠᠭᠰᠠᠨ ᠥᠷ᠎ᠡ ᠳ᠋ᠥᠩ ᠢ ᠰᠠᠨᠠᠯ | ᠨᠢᠭᠡᠲᠡᠢ ᠵᠥᠪᠰᠢᠶᠡᠷᠡᠪᠡ᠃ | | | | ᠲᠤᠰᠬᠠᠢ ᠮᠡᠷᠭᠡᠵᠢᠯᠲᠡᠨ ᠤ ᠳᠤᠭᠤᠶᠢᠯᠠᠩ ᠬᠢᠨ ᠠᠴᠠ ᠥᠪᠥᠷ ᠮᠣᠩᠭᠤᠯ ᠤᠨ ᠵᠠᠷᠣᠳ ᠬᠤᠰᠢᠭᠤᠨ ᠤ ᠮᠦ ᠶᠤᠸᠠᠨ | ᠺᠣᠮᠫᠠᠨᠢ ᠬᠢᠨ ᠠᠮᠢᠳᠤ ᠪᠣᠳᠠᠰ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠦᠷᠭᠦᠯᠵᠢᠯᠡᠨ | ᠴᠢᠩᠭᠠᠳᠬᠠᠵᠤ᠂ ᠬᠢᠨᠠᠨ ᠬᠠᠮᠢᠶᠠᠷᠬᠤ ᠴᠢᠳᠠᠪᠤᠷᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠠᠹᠷᠢᠺᠠ ᠲᠢᠪ ᠤᠨ | ᠭᠠᠭ᠋ᠠᠢ ᠶᠢᠨ ᠬᠢᠵᠢᠭ ᠦᠭᠡᠢ ᠵᠢᠵᠢᠭ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠪᠠᠨ ᠦᠨᠡᠨ | ᠬᠦ ᠪᠠᠲᠤᠯᠠᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠬᠢᠵᠢᠭ ᠦᠭᠡᠢ ᠵᠢᠵᠢᠭ ᠲᠣᠭᠤᠷᠢᠭ ᠤᠨ ᠪᠦᠲᠦᠭᠡᠨ | ᠪᠠᠶᠢᠭᠤᠯᠤᠯᠲᠠ ᠳᠤ ᠵᠢᠯᠤᠭᠤᠳᠬᠤ ᠴᠢᠨᠠᠷᠲᠠᠢ ᠰᠠᠨᠠᠯ ᠳᠤᠷᠠᠳᠬᠤ ᠶᠢ ᠬᠦᠰᠡᠪᠡ᠃ | ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠵᠠᠷᠣᠳ ᠬᠤᠰᠢᠭᠤᠨ ᠤ ᠮᠦ ᠶᠤᠸᠠᠨ ᠬᠢᠵᠠᠭᠠᠷᠲᠤ ᠺᠣᠮᠫᠠᠨᠢ ᠪᠣᠯ | ᠪᠦᠬᠦ ᠣᠷᠣᠨ ᠤ ᠬᠢᠵᠢᠭ ᠦᠭᠡᠢ ᠵᠢᠵᠢᠭ ᠲᠣᠭᠤᠷᠢᠭ ᠢᠶᠠᠷ ᠠᠮᠵᠢᠯᠲᠠ ᠲᠠᠢ ᠪᠠᠷ ᠭᠤᠶᠤᠴᠢᠯᠠᠨ ᠮᠡᠳᠡᠭᠦᠯᠦᠭᠰᠡᠨ 7 | ᠲᠡᠵᠢᠭᠡᠪᠦᠷᠢ ᠶᠢᠨ ᠠᠵᠤ ᠠᠬᠤᠶᠢᠯᠠᠯ ᠤᠨ ᠨᠢᠭᠡ ᠪᠣᠯᠣᠨ᠎ᠠ᠃ ᠲᠣᠰ ᠤᠳᠠᠭ᠎ᠠ ᠠᠹᠷᠢᠺᠠ ᠲᠢᠪ ᠤᠨ ᠭᠠᠭ᠋ᠠᠢ ᠶᠢᠨ ᠬᠢᠵᠢᠭ | ᠦᠭᠡᠢ ᠵᠢᠵᠢᠭ ᠲᠣᠭᠤᠷᠢᠭ ᠢᠶᠠᠷ ᠠᠮᠵᠢᠯᠲᠠ ᠲᠠᠢ ᠮᠡᠳᠡᠭᠦᠯᠦᠯᠲᠡ ᠬᠢᠭᠰᠡᠨ ᠨᠢ ᠪᠥᠬᠦ ᠬᠤᠰᠢᠭᠤᠨ ᠤ ᠬᠢᠵᠢᠭ ᠢ | ᠰᠡᠷᠭᠡᠶᠢᠯᠡᠬᠦ ᠬᠢᠷᠢ ᠲᠦᠪᠰᠢᠨ ᠤ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠬᠠᠷᠠᠭᠤᠯᠵᠤ᠂ ᠠᠮᠢᠲᠠᠨ ᠤ ᠬᠢᠵᠢᠭ | ᠡᠪᠡᠳᠴᠢᠨ ᠢ ᠰᠡᠷᠭᠡᠶᠢᠯᠡᠨ ᠡᠵᠡᠮᠳᠡᠬᠦ ᠴᠢᠳᠠᠪᠤᠷᠢ ᠪᠠ ᠬᠢᠷᠢ ᠲᠦᠪᠰᠢᠨ ᠢ ᠲᠥᠯᠥᠭᠡᠯᠡᠭᠰᠡᠨ ︽ᠠᠯᠲᠠᠨ ᠬᠠᠭᠤᠳᠠᠰᠤ︾ | ᠲᠠᠢ ᠪᠣᠯᠵᠤ᠂ ᠭᠠᠭ᠋ᠠᠢ ᠶᠢᠨ ᠠᠵᠤ ᠦᠢᠯᠡᠰ ᠤᠨ ᠬᠥᠭᠵᠢᠯᠲᠡ ᠳᠤ ᠰᠠᠶᠢᠨ ᠰᠠᠭᠤᠷᠢ ᠲᠠᠯᠪᠢᠵᠤ᠂ ᠪᠥᠬᠦ ᠬᠤᠰᠢᠭᠤᠨ ᠤ | ᠲᠡᠵᠢᠭᠡᠪᠦᠷᠢ ᠶᠢᠨ ᠦᠢᠯᠡᠰ ᠤᠨ ᠬᠥᠭᠵᠢᠯᠲᠡ ᠳᠤ ᠬᠥᠰᠢᠶ᠎ᠡ ᠳᠤᠷᠠᠰᠬᠠᠯ ᠤᠨ ᠴᠢᠨᠠᠷᠲᠠᠢ ᠠᠴᠢ ᠬᠤᠯᠪᠣᠭᠳᠠᠯ ᠲᠠᠢ | ᠪᠣᠯᠤᠭᠰᠠᠨ ᠪᠠᠶᠢᠨ᠎ᠠ᠃ |