ᠵᠧᠩᠵᠧᠦ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠰᠢᠨᠵᠢᠯᠡᠨ ᠪᠠᠶᠢᠴᠠᠭᠠᠬᠤ ᠳᠤᠭᠤᠶᠢᠯᠠᠩ ᠬᠢᠨ ᠵᠠᠷᠤᠳ ᠬᠤᠰᠢᠭᠤᠨ ᠳᠤ ᠢᠷᠡᠵᠦ ᠪᠠᠶᠢᠴᠠᠭᠠᠨ ᠰᠤᠳᠣᠯᠪᠠ
ᠨᠡᠶᠢᠲᠡᠯᠡᠭᠰᠡᠨ ᠴᠠᠭ᠄
2022/8/29
      8 ᠰᠠᠷ᠎ᠠ ᠶᠢᠨ 25 ᠤ ᠡᠳᠦᠷ᠂ ᠵᠧᠩᠵᠧᠦ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠿᠦᠢ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠵᠧᠩᠵᠧᠦ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠰᠢᠨᠵᠢᠯᠡᠨ ᠪᠠᠶᠢᠴᠠᠭᠠᠬᠤ ᠳᠤᠭᠤᠶᠢᠯᠠᠩ ᠵᠠᠷᠤᠳ ᠬᠤᠰᠢᠭᠤᠨ ᠳᠤ ᠢᠷᠡᠵᠦ ᠴᠡᠪᠡᠷ ᠡᠨᠧᠷᠭᠢ ᠶᠢᠨ ᠰᠤᠷᠪᠤᠯᠵᠢ ᠶᠢᠨ ᠲᠠᠯ᠎ᠠ ᠶᠢᠨ ᠠᠵᠢᠯ ᠥᠷᠨᠢᠭᠦᠯᠦᠭᠰᠡᠨ ᠪᠠ ᠲᠥᠷᠥᠯ ᠵᠦᠢᠯ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠲᠣᠬᠠᠢ ᠪᠠᠶᠢᠴᠠᠭᠠᠨ ᠰᠤᠳᠤᠯᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠯᠢ ᠹᠧᠩ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠮᠦᠩᠭᠦᠨᠬᠤᠸᠠᠷ ᠵᠢᠴᠢ ᠬᠤᠲᠠ᠂ ᠬᠤᠰᠢᠭᠤ ᠬᠤᠶᠠᠷ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃
ab8b30bc772bc841804196b9b5424b2.jpg   
    ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠾᠦᠸᠧ ᠮᠧᠶ ᠬᠤᠩ ᠵᠢᠶᠦ᠋ᠨ ᠬᠥᠩᠭᠡᠨ ᠴᠠᠭᠠᠨ ᠴᠠᠬᠢᠯᠭᠠᠨ ᠤ ᠺᠣᠮᠫᠠᠨᠢ ᠶᠢᠨ ᠵᠠᠬᠠᠨᠠᠭᠤᠷ ᠬᠤᠪᠢᠶᠠᠷᠢ ᠺᠣᠮᠫᠠᠨᠢ᠂ ᠾᠦᠸᠧ ᠮᠧᠶ ᠬᠤᠩ ᠵᠢᠶᠦ᠋ᠨ ᠬᠥᠩᠭᠡᠨ ᠴᠠᠭᠠᠨ ᠴᠠᠬᠢᠯᠭᠠᠨ ᠤ ᠺᠣᠮᠫᠠᠨᠢ ᠶᠢᠨ ᠴᠠᠬᠢᠯᠭᠠᠨ ᠬᠦᠴᠦᠨ ᠤ ᠬᠤᠪᠢᠶᠠᠷᠢ ᠺᠣᠮᠫᠠᠨᠢ ᠶᠢᠨ C ᠦᠢᠯᠡᠳᠪᠦᠷᠢ᠂ ᠣᠷᠴᠢᠯ ᠠᠵᠤ ᠠᠬᠤᠢ ᠶᠢᠨ ᠵᠢᠱᠢᠶ᠎ᠡ ᠦᠵᠡᠭᠦᠯᠬᠦ ᠢᠨᠵᠧᠨᠧᠷᠢᠩ ᠤᠨ ᠦᠷᠭᠦᠯᠵᠢᠯᠡᠨ ᠪᠠᠶᠢᠭᠤᠯᠵᠤ ᠪᠠᠶᠢᠭ᠎ᠠ ︵ᠲᠠᠪᠤᠳᠤᠭᠠᠷ ᠬᠤᠭᠤᠴᠠᠭ᠎ᠠ︶ 200MW ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠤᠨ ᠭᠠᠵᠠᠷ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ ᠪᠥᠬᠦ ᠬᠤᠰᠢᠭᠤᠨ ᠤ ᠴᠡᠪᠡᠷ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ ᠪᠠ ᠲᠥᠷᠥᠯ ᠵᠦᠢᠯ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃
6438a0b2ccceb2dd6ec3158c54a0097.jpg   
    ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠪᠦᠬᠦ ᠬᠤᠰᠢᠭᠤᠨ ᠤ ᠴᠡᠪᠡᠷ ᠡᠨᠧᠷᠭᠢ ᠶᠢᠨ ᠲᠠᠯ᠎ᠠ ᠶᠢᠨ ᠠᠵᠢᠯ ᠥᠷᠨᠢᠭᠦᠯᠦᠭᠰᠡᠨ ᠪᠠ ᠲᠦᠷᠦᠯ ᠵᠦᠢᠯ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠭᠦᠢᠴᠡᠳ ᠨᠤᠲᠠᠯᠠᠵᠤ᠂ ᠵᠠᠷᠤᠳ ᠬᠤᠰᠢᠭᠤᠨ ᠤ ᠴᠡᠪᠡᠷ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠬᠥᠭᠵᠢᠯᠲᠡ᠂ ᠲᠥᠷᠥᠯ ᠵᠦᠢᠯ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠬᠢ ᠬᠥᠭᠵᠢᠯᠲᠡ ᠶᠢᠨ ᠰᠡᠳᠬᠢᠮᠵᠢ ᠨᠢ ᠤᠷᠢᠳᠴᠢᠯᠠᠵᠤ᠂ ᠠᠷᠭ᠎ᠠ ᠬᠡᠮᠵᠢᠶ᠎ᠡ ᠨᠢ ᠬᠦᠴᠦᠲᠡᠢ ᠪᠠᠶᠢᠵᠤ᠂ ᠮᠠᠰᠢ ᠰᠠᠶᠢᠨ ᠬᠥᠭᠵᠢᠯᠲᠡ ᠶᠢᠨ ᠪᠠᠶᠢᠳᠠᠯ ᠢᠯᠡᠷᠡᠪᠡ᠂ ᠡᠲᠡᠭᠡᠷ ᠦᠷ᠎ᠡ ᠪᠦᠲᠦᠭᠡᠯ ᠢ ᠣᠯᠣᠭᠰᠠᠨ ᠨᠢ ᠵᠠᠷᠤᠳ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠣᠨᠣᠪᠴᠢᠲᠠᠶ ᠣᠳᠣᠷᠢᠳᠣᠯᠭ᠎ᠠ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠦᠷ᠎ᠡ ᠳ᠋ᠦᠩ ᠪᠣᠯᠬᠤ ᠮᠥᠷᠲᠡᠭᠡᠨ ᠮᠥᠨ ᠴᠦ ᠬᠤᠰᠢᠭᠤ ᠳᠠᠶᠠᠭᠠᠷ ᠢᠶᠠᠷ ᠢᠶᠠᠨ ᠰᠡᠳᠬᠢᠯ ᠨᠢᠭᠡᠳᠬᠡᠨ ᠬᠦᠴᠦ ᠪᠠᠨ ᠬᠠᠮᠲᠤᠳᠬᠠᠵᠤ᠂ ᠬᠠᠮᠲᠤ ᠪᠠᠷ ᠴᠢᠷᠮᠠᠶᠢᠭᠰᠠᠨ ᠤ ᠦᠷ᠎ᠡ ᠳ᠋ᠦᠩ ᠪᠣᠯᠣᠨ᠎ᠠ ᠭᠡᠵᠦ ᠦᠵᠡᠵᠦ ᠪᠠᠶᠢᠪᠠ᠃ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠢᠯᠡᠷᠬᠡᠶᠢᠯᠡᠬᠦ ᠳᠡᠭᠡᠨ᠂ ᠲᠣᠭᠤᠷᠢᠨ ᠦᠵᠡᠵᠦ ᠰᠢᠨᠵᠢᠯᠡᠨ ᠪᠠᠶᠢᠴᠠᠭᠠᠭᠠᠳ ᠣᠯᠣᠯᠲᠠ ᠶᠡᠭᠡ ᠲᠠᠢ᠂ ᠡᠯᠪᠡᠭ ᠳᠡᠯᠪᠡᠭ  ᠦᠷ᠎ᠡ ᠪᠦᠲᠦᠮᠵᠢ ᠲᠠᠢ᠂ ᠬᠠᠷᠢᠭᠰᠠᠨ ᠤ ᠳᠠᠷᠠᠭ᠎ᠠ ᠵᠠᠷᠤᠳ ᠬᠤᠰᠢᠭᠤᠨ ᠤ ᠰᠠᠶᠢᠨ ᠲᠤᠷᠰᠢᠯᠭ᠎ᠠ ᠪᠠ ᠠᠷᠭ᠎ᠠ ᠬᠢᠳᠡᠯ ᠢ ᠠᠵᠢᠯ ᠤᠨ ᠳᠤᠮᠳᠠ ᠪᠠᠨ ᠳᠡᠯᠭᠡᠷᠡᠭᠦᠯᠦᠨ ᠬᠡᠷᠡᠭᠯᠡᠵᠦ᠂ ᠬᠤᠶᠠᠷ ᠭᠠᠵᠠᠷ ᠤᠨ ᠤᠯᠤᠰ ᠲᠥᠷᠥ ᠶᠢᠨ ᠵᠥᠪᠯᠡᠯᠭᠡᠨ ᠤ ᠬᠢᠨ ᠰᠣᠯᠢᠯᠴᠠᠭ᠎ᠠ ᠪᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠠᠷᠢᠯᠴᠠᠨ ᠰᠤᠷᠤᠯᠴᠠᠵᠤ᠂ ᠬᠠᠷᠢᠯᠴᠠᠨ ᠯᠠᠪᠯᠠᠯᠲᠠ ᠪᠣᠯᠭᠠᠨ᠂ ᠬᠠᠷᠢᠯᠴᠠᠨ ᠠᠬᠢᠭᠤᠯᠵᠤ᠂ ᠬᠠᠮᠲᠤ ᠪᠠᠷ ᠳᠡᠭᠡᠭᠰᠢᠯᠡᠭᠦᠯᠬᠦ ᠶᠢ ᠪᠡᠶᠡᠯᠡᠭᠦᠯᠵᠦ᠂ ᠬᠤᠶᠠᠷ ᠭᠠᠵᠠᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号