| 8 ᠰᠠᠷ᠎ᠠ ᠶᠢᠨ 24 ᠤ ᠡᠳᠦᠷ᠂ ᠵᠠᠷᠤᠳ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ ᠸᠠᠩ ᠴᠧᠩ ᠪᠠᠶᠢᠴᠠᠭᠠᠨ ᠰᠤᠳᠤᠯᠬᠤ ᠳᠤᠭᠤᠶᠢᠯᠠᠩ ᠬᠢᠨ ᠢ ᠳᠠᠭᠠᠭᠤᠯᠤᠨ ᠭᠡᠷᠴᠢᠯᠠᠭᠤ ᠰᠤᠮᠣᠨ ᠳᠤ | ᠬᠦᠷᠴᠦ᠂ ᠲᠠᠷᠢᠶᠠᠯᠠᠩ ᠮᠠᠯ ᠠᠵᠤ ᠠᠬᠤᠢ ᠶᠢᠨ ᠵᠢᠱᠢᠶ᠎ᠡ ᠦᠵᠡᠭᠦᠯᠬᠦ ᠬᠤᠷᠰᠢᠶ᠎ᠠ ᠶᠢᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠬᠦ᠂ ᠲᠠᠷᠢᠶᠠᠯᠠᠩ ᠮᠠᠯ ᠠᠵᠤ ᠠᠬᠤᠢ ᠶᠢ ᠬᠡᠪᠴᠢᠶᠡᠵᠢᠭᠦᠯᠦᠨ ᠬᠦᠭᠵᠢᠭᠦᠯᠬᠦ ᠶᠢ ᠠᠬᠢᠭᠤᠯᠬᠤ ᠲᠤᠬᠠᠢ | ᠲᠤᠰᠬᠠᠢ ᠪᠠᠶᠢᠴᠠᠭᠠᠨ ᠰᠤᠳᠤᠯᠤᠯᠲᠠ ᠥᠷᠨᠢᠭᠦᠯᠪᠡ᠃ | | | | ᠭᠡᠷᠴᠢᠯᠠᠭᠤ ᠰᠤᠮᠤ ᠶᠢᠨ ᠮᠠᠩᠬᠠᠲᠤ ᠭᠠᠴᠠᠭ᠎ᠠ ᠶᠢᠨ ᠰᠢᠨ ᠯᠢ ᠠᠮᠢ ᠠᠬᠤᠢ ᠶᠢᠨ ᠲᠠᠷᠢᠶᠠᠯᠠᠩ ᠤᠨ ᠲᠠᠯᠠᠪᠠᠢ ᠳᠤ᠂ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ | ᠮᠡᠳᠡᠭᠦᠯᠦᠯᠲᠡ ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ᠂ ᠬᠤᠷᠰᠢᠶ᠎ᠠ ᠶᠢᠨ ᠲᠡᠵᠢᠭᠡᠪᠦᠷᠢ᠂ ᠲᠡᠵᠢᠭᠡᠵᠦ | ᠪᠠᠶᠢᠭ᠎ᠠ ᠮᠠᠯ ᠤᠨᠤᠭ᠎ᠠ᠂ ᠡᠪᠡᠰᠦ ᠪᠣᠷᠳᠤᠭ᠎ᠠ ᠡᠳ᠋ᠰᠢᠭᠦᠯᠬᠦ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠵᠤ᠂ | ᠬᠤᠷᠰᠢᠶ᠎ᠠ ᠶᠢᠨ ᠲᠡᠵᠢᠭᠡᠪᠦᠷᠢ ᠶᠢᠨ ᠬᠡᠪᠴᠢᠶ᠎ᠡ᠂ ᠠᠷᠭ᠎ᠠ ᠬᠡᠯᠪᠡᠷᠢ᠂ ᠰᠢᠨ᠎ᠡ ᠶᠢ ᠡᠭᠦᠳᠬᠦ ᠤᠬᠠᠮᠰᠠᠷ ᠵᠢᠴᠢ | ᠬᠤᠷᠰᠢᠶ᠎ᠠ ᠶᠢᠨ ᠬᠦᠲᠦᠯᠦᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ ᠪᠠᠶᠢᠭ᠎ᠠ ᠠᠵᠢᠯ ᠢ ᠭᠦᠢᠴᠡᠳ ᠨᠤᠲᠠᠯᠠᠪᠠ᠃ | | | | | ᠰᠠᠭᠤᠳᠠᠯ ᠤᠨ ᠬᠤᠷᠠᠯ ᠳᠡᠭᠡᠷ᠎ᠡ᠂ ᠸᠠᠩ ᠴᠧᠩ ᠱᠠᠭᠠᠷᠳᠠᠭᠰᠠᠨ ᠨᠢ᠂ ᠰᠢᠨ ᠯᠢ ᠠᠮᠢ ᠠᠬᠤᠢ ᠶᠢᠨ | ᠲᠠᠷᠢᠶᠠᠯᠠᠩ ᠤᠨ ᠲᠠᠯᠠᠪᠠᠶ ᠦᠷᠭᠦᠯᠵᠢᠯᠡᠨ ᠪᠣᠬᠢᠷᠳᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠳᠤ ᠰᠠᠭᠤᠷᠢᠯᠠᠵᠤ᠂ | ᠲᠣᠰ ᠭᠠᠵᠠᠷ ᠣᠷᠣᠨ ᠤ ᠣᠨᠴᠠᠯᠢᠭ ᠲᠠᠢ ᠪᠠᠨ ᠤᠶᠠᠯᠳᠤᠭᠤᠯᠤᠨ᠂ ᠰᠢᠨ᠎ᠡ ᠶᠢ ᠡᠭᠦᠳᠬᠦ ᠬᠥᠭᠵᠢᠯᠲᠡ ᠶᠢᠨ ᠵᠠᠭᠪᠤᠷ ᠢ | ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠮᠢᠶ᠎ᠠ ᠪᠦᠬᠦᠢ | ᠱᠠᠭᠠᠷᠳᠠᠯᠭ᠎ᠠ ᠶᠢᠨ ᠲᠣᠭᠤᠷᠢᠨ ᠳᠤ᠂ ᠬᠥᠭᠵᠢᠯᠲᠡ ᠶᠢᠨ ᠰᠡᠳᠬᠢᠴᠡ ᠪᠠᠨ ᠲᠣᠳᠣᠷᠬᠠᠢ ᠪᠣᠯᠭᠠᠵᠤ᠂ ᠬᠠᠮᠢᠶ᠎ᠠ ᠪᠦᠬᠦᠢ | ᠲᠥᠷᠥᠯ ᠵᠦᠢᠯ ᠢ ᠰᠠᠶᠢᠲᠤᠷ ᠲᠥᠯᠥᠪᠯᠡᠨ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢ | ᠶᠡᠬᠡᠪᠡᠷ ᠲᠦᠯᠬᠢᠨ ᠠᠬᠢᠭᠤᠯᠵᠤ᠂ ᠪᠡᠯᠡᠳᠬᠡᠮᠵᠢᠵᠢᠭᠦᠯᠬᠦ᠂ ᠬᠡᠪᠴᠢᠶᠡᠵᠢᠭᠦᠯᠬᠦ᠂ ᠪᠠᠷᠢᠮᠵᠢᠶᠠᠵᠢᠭᠤᠯᠬᠤ ᠪᠠᠷ ᠬᠦᠴᠦᠯᠡᠬᠦ | ᠴᠡᠭ ᠪᠣᠯᠭᠠᠨ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠤᠯᠠᠮ ᠨᠢᠭᠡ ᠠᠯᠬᠤᠮ | ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠ ᠰᠢᠨ᠎ᠡ ᠡᠭᠦᠷᠭᠡᠯᠡᠯ ᠢᠶᠠᠨ ᠳᠡᠯᠭᠡᠨ | ᠦᠵᠡᠭᠦᠯᠵᠦ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ ᠭᠡᠪᠡ᠃ | | | | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠢᠯᠡᠷᠬᠡᠶᠢᠯᠡᠬᠦ ᠳᠡᠭᠡᠨ᠂ ᠰᠢᠨ ᠯᠢ ᠠᠮᠢ ᠠᠬᠤᠢ ᠶᠢᠨ | ᠲᠠᠷᠢᠶᠠᠯᠠᠩ ᠤᠨ ᠲᠠᠯᠠᠪᠠᠶ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ | ᠬᠢ ᠰᠠᠶᠢᠨ ᠲᠤᠷᠰᠢᠯᠭ᠎ᠠ᠂ ᠰᠠᠶᠢᠨ ᠠᠷᠭ᠎ᠠ ᠶᠢ ᠦᠨᠳᠦᠰᠦᠯᠡᠨ᠂ ᠪᠣᠳᠠᠲᠠᠢ ᠳᠤ ᠪᠠᠨ ᠰᠠᠭᠤᠷᠢᠯᠠᠨ᠂ ᠴᠢᠨᠠᠷ ᠰᠠᠶᠢᠲᠠᠢ | ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠪᠢᠴᠢᠵᠦ᠂ ᠰᠠᠶᠢᠨ ᠲᠡᠵᠢᠭᠡᠪᠦᠷᠢ ᠶᠢᠨ ᠵᠠᠭᠪᠤᠷ ᠪᠠ ᠰᠢᠯᠢᠳᠡᠭ | ᠠᠷᠭ᠎ᠠ ᠶᠢ ᠪᠥᠬᠦ ᠬᠤᠰᠢᠭᠤᠨ ᠳᠤ ᠳᠡᠯᠭᠡᠷᠡᠭᠦᠯᠵᠦ᠂ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠰ ᠤᠨ ᠬᠥᠭᠵᠢᠯᠲᠡ ᠶᠢ ᠠᠬᠢᠭᠤᠯᠤᠨ᠎ᠠ ᠭᠡᠪᠡ᠃ | | | |