ᠲᠣᠭᠤᠷᠢᠨ ᠦᠵᠡᠵᠦ ᠰᠤᠷᠣᠯᠴᠠᠵᠤ ᠰᠡᠳᠬᠢᠴᠡ ᠪᠠᠨ ᠥᠷᠭᠡᠳᠬᠡᠨ  ᠰᠣᠯᠢᠯᠴᠠᠭ᠎ᠠ ᠬᠢᠵᠦ ᠲᠣᠯᠢ ᠪᠣᠯᠭᠠᠨ ᠳᠡᠭᠡᠭᠰᠢᠯᠡᠬᠦ ᠶᠢ ᠠᠬᠢᠭᠤᠯᠪᠠ︱ ᠵᠠᠷᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠢᠨ ᠨᠠᠢᠮᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠬᠦᠷᠴᠦ ᠲᠣᠭᠤᠷᠢᠨ ᠦᠵᠡᠵᠦ ᠰᠠᠨᠠᠯ ᠢᠶᠠᠨ ᠰᠣᠯᠢᠯᠴᠠᠪᠠ
ᠨᠡᠶᠢᠲᠡᠯᠡᠭᠰᠡᠨ ᠴᠠᠭ᠄
2022/8/30
    ᠳᠣᠲᠣᠭᠠᠳᠤ ᠶᠢ ᠬᠠᠮᠠᠭᠠᠯᠠᠬᠤ ᠪᠦᠬᠦᠯᠢ ᠴᠣᠭᠴᠠ ᠶᠢᠨ ᠠᠵᠢᠯ ᠤᠨ ᠲᠦᠪᠰᠢᠨ ᠢ ᠣᠯᠠᠮ ᠨᠢᠭᠡ ᠠᠯᠬᠤᠮ ᠳᠡᠭᠡᠭᠰᠢᠯᠡᠭᠦᠯᠵᠦ᠂ ᠰᠡᠳᠬᠢᠴᠡ ᠪᠠᠨ ᠥᠷᠭᠡᠳᠬᠡᠵᠦ᠂ ᠣᠶᠢᠯᠠᠭᠠᠭᠳᠠᠬᠤᠨ ᠢᠶᠠᠨ ᠰᠢᠨ᠎ᠡ ᠪᠠᠷ ᠡᠭᠦᠳᠴᠦ᠂ ᠠᠬ᠎ᠠ ᠳᠡᠭᠦᠦ ᠨᠢᠭᠡᠴᠡ ᠶᠢᠨ ᠴᠠᠭᠳᠠᠭᠠᠨ ᠤ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠲᠡᠷᠢᠭᠦᠨ ᠤ ᠲᠤᠷᠰᠢᠯᠭ᠎ᠠ ᠪᠠ ᠪᠦᠲᠦᠮᠵᠢᠲᠡᠶ ᠠᠷᠭ᠎ᠠ ᠬᠢᠳᠡᠯ ᠢᠶᠠᠷ ᠲᠣᠯᠢ ᠪᠣᠯᠭᠠᠬᠤ ᠶᠢᠨ ᠲᠥᠯᠥᠭᠡ᠂ 8 ᠰᠠᠷ᠎ᠠ ᠶᠢᠨ 27 ᠤ ᠡᠳᠦᠷ᠂ ᠵᠣᠨ ᠤ ᠤᠯᠠᠷᠢᠯ ᠤᠨ ᠠᠮᠤᠷ ᠢ ᠬᠠᠮᠠᠭᠠᠯᠠᠬᠤ ᠠᠵᠢᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠵᠠᠷᠤᠳ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠮᠦ ᠲᠢᠶᠧ ᠮᠢᠨ ᠬᠠᠮᠲᠤ ᠶᠠᠪᠣᠭᠰᠠᠳ ᠲᠠᠢ ᠪᠠᠨ ᠨᠠᠢᠮᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠬᠦᠷᠴᠦ ᠲᠣᠭᠤᠷᠢᠨ ᠦᠵᠡᠵᠦ ᠰᠠᠨᠠᠯ ᠢᠶᠠᠨ ᠰᠣᠯᠢᠯᠴᠠᠪᠠ᠃ ᠨᠠᠢᠮᠠᠨ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠯᠢᠦ ᠰᠢᠨ ᠰᠢᠨ ᠪᠠᠷ᠎ᠠ ᠪᠣᠯᠪᠠ᠃ 
a5b354e98f2a609c3f4222bc76c3502.jpg   
    ᠮᠦ ᠲᠢᠶᠧ ᠮᠢᠨ ᠬᠠᠮᠲᠤ ᠶᠠᠪᠣᠭᠰᠠᠳ ᠲᠠᠢ ᠪᠠᠨ ᠤᠷᠢᠳ ᠬᠤᠵᠢᠳ ᠨᠠᠢᠮᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳ᠋ᠦᠩ ᠮᠢᠩ ᠲᠣᠮᠢᠯᠠᠭᠰᠠᠨ ᠰᠠᠯᠪᠤᠷᠢ᠂ ᠵᠠᠮ ᠬᠠᠷᠢᠯᠴᠠᠭᠠᠨ ᠤ ᠴᠠᠭᠳᠠᠭ᠎ᠠ ᠶᠢᠨ ᠬᠠᠮᠢᠶᠠᠷᠤᠯᠲᠠ ᠶᠢᠨ ᠶᠡᠭᠡ ᠠᠩᠭᠢ᠂ ᠳᠠᠴᠢᠨᠲᠠᠯ᠎ᠠ ᠲᠣᠮᠢᠯᠠᠭᠰᠠᠨ ᠰᠠᠯᠪᠤᠷᠢ᠂ ᠰᠣᠨᠢᠨ ᠮᠡᠳᠡᠭᠡᠨ ᠤ ᠤᠬᠠᠭᠤᠯᠭ᠎ᠠ ᠶᠢᠨ ᠲᠥᠪ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠲᠥᠪ᠂ ᠲᠤᠷᠰᠢᠨ ᠪᠠᠶᠢᠴᠠᠭᠠᠬᠤ ᠰᠢᠨᠵᠢᠯᠡᠭᠡ ᠮᠡᠷᠭᠡᠵᠢᠯ ᠤᠨ ᠲᠥᠪ᠂ ᠴᠠᠭᠳᠠᠭᠠᠨ ᠤ ᠰᠠᠯᠪᠤᠷᠢ ᠶᠡᠭᠡ ᠠᠩᠭᠢ᠂ ᠨᠢᠭᠤᠴᠠ ᠮᠡᠳᠡᠭᠡᠨ ᠤ ᠵᠢᠯᠤᠭᠤᠳᠬᠤ ᠲᠥᠪ᠂ ᠳᠣᠲᠣᠭᠠᠳᠤ ᠶᠢ ᠬᠠᠮᠠᠭᠠᠯᠠᠬᠤ ᠨᠠᠮ ᠤᠨ ᠰᠤᠷᠭᠠᠭᠤᠯᠢ ᠵᠡᠷᠭᠡ ᠭᠠᠵᠠᠷ ᠲᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠠᠨᠢᠯᠴᠠᠭᠤᠯᠭ᠎ᠠ ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ᠂ ︽ᠬᠤᠶᠠᠷ ᠲᠥᠷᠦᠯ ᠤᠨ ᠴᠠᠭᠳᠠᠭ᠎ᠠ  ᠶᠢ ᠨᠢᠭᠡᠳᠬᠡᠬᠦ︾ ᠴᠠᠭᠳᠠᠭᠠᠨ ᠤ ᠶᠠᠪᠤᠳᠠᠯ ᠤᠨ ᠠᠵᠢᠯᠯᠠᠭᠠᠨ ᠤ ᠵᠠᠭᠪᠤᠷ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠶᠢᠨ ᠥᠭᠡᠷᠡᠴᠢᠯᠡᠯᠲᠡ ᠪᠠ ︽ᠨᠢᠭᠡ ᠲᠢᠩᠬᠢᠮ ᠨᠢᠭᠡ ᠴᠣᠩᠬᠤ ᠨᠢᠭᠡ ᠰᠦᠯᠵᠢᠶ᠎ᠡ︾ ᠶᠢᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠵᠠᠭᠪᠤᠷ᠂ ︽1+3+N︾ ᠤᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠤᠨ ᠲᠣᠭᠲᠠᠴᠠ  ᠶᠢ ᠨᠠᠷᠢᠨ ᠣᠶᠢᠯᠠᠭᠠᠵᠤ᠂ ᠰᠢᠯᠢᠳᠡᠭ ᠲᠤᠷᠰᠢᠯᠭ᠎ᠠ ᠪᠣᠯᠣᠨ ᠠᠮᠵᠢᠯᠲᠠ ᠲᠠᠢ ᠠᠷᠭ᠎ᠠ ᠬᠢᠳᠡᠯ ᠢ ᠰᠣᠨᠣᠰᠴᠤ᠂ ᠨᠠᠢᠮᠠᠨ ᠲᠣᠪᠴᠢᠶ᠎ᠠ ᠶᠢᠨ ︽ᠲᠠᠪᠤ ᠶᠢ ᠨᠢᠭᠡ ᠴᠣᠭᠴᠠᠵᠢᠭᠤᠯᠬᠤ︾ ᠶᠡᠭᠡ ᠤᠬᠠᠭᠤᠯᠭ᠎ᠠ ᠶᠢᠨ ᠠᠵᠢᠯ ᠤᠨ ᠲᠣᠭᠲᠠᠴᠠ ᠶᠢ ᠰᠤᠷᠤᠯᠴᠠᠨ ᠲᠣᠯᠢᠳᠠᠬᠤ ᠶᠢᠨ ᠬᠠᠮᠲᠤ ᠡᠩᠨᠡᠭᠡᠨ ᠤ ᠪᠠᠶᠢᠭᠤᠯᠤᠯᠲᠠ᠂ ᠵᠢᠷᠤᠮᠵᠢᠭᠰᠠᠨ ᠵᠢᠵᠢᠭᠦᠷᠯᠡᠵᠦ ᠬᠠᠤᠯᠢ ᠬᠡᠷᠡᠭᠵᠢᠭᠦᠯᠬᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ᠂ ᠬᠠᠲᠠᠭᠤ ᠲᠣᠨᠤᠭ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠲᠤᠰᠬᠠᠢ ᠲᠥᠬᠦᠭᠡᠷᠦᠮᠵᠢ ᠶᠢ ᠵᠢᠷᠤᠮᠵᠢᠭᠤᠯᠤᠨ ᠬᠡᠷᠡᠭᠯᠡᠬᠦ᠂ ᠰᠦᠯᠵᠢᠶᠡᠨ ᠤ ᠠᠮᠤᠷ ᠲᠦᠪᠰᠢᠨ ᠤ ᠠᠵᠢᠯ ᠤᠨ ᠰᠢᠨᠵᠢᠯᠡᠭᠡ ᠮᠡᠷᠭᠡᠵᠢᠯ ᠤᠨ ᠤᠶᠤᠨ ᠤᠬᠠᠭᠠᠨ ᠤ ᠠᠭᠤᠯᠤᠭᠳᠠᠴᠠ ᠶᠢ ᠳᠡᠭᠡᠭᠰᠢᠯᠡᠭᠦᠯᠬᠦ ᠵᠡᠷᠭᠡ ᠭᠤᠣᠯᠳᠠᠯᠭ᠎ᠠ ᠲᠠᠢ᠂ ᠬᠦᠴᠢᠷ ᠠᠰᠠᠭᠤᠳᠠᠯ ᠤᠨ ᠲᠣᠭᠤᠷᠢᠨ ᠳᠤ ᠭᠦᠨᠵᠡᠭᠡᠢ ᠰᠤᠳᠤᠯᠤᠨ ᠶᠠᠷᠢᠯᠴᠠᠵᠤ᠂ ᠥᠷᠭᠡᠨ ᠢᠶᠠᠷ  ᠰᠣᠯᠢᠯᠴᠠᠪᠠ᠃ᠳᠠᠷᠠᠭ᠎ᠠ ᠳᠤᠨᠢ᠂ ᠨᠠᠢᠮᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠨᠠᠮ ᠤᠨ ᠰᠤᠷᠭᠠᠭᠤᠯᠢ ᠳᠤ᠂ ᠬᠤᠶᠠᠷ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠬᠢᠨ ᠬᠠᠮᠲᠤᠪᠠᠷ ︽ᠠᠷᠠᠳ ᠲᠦᠮᠡᠨ ᠢᠶᠠᠷ ᠭᠤᠣᠯ ᠪᠣᠯᠭᠠᠵᠤ᠂ ᠥᠭᠡᠷᠡᠴᠢᠯᠡᠯᠲᠡ ᠪᠠᠷ ᠬᠥᠳᠡᠯᠭᠡᠭᠦᠷ ᠪᠣᠯᠭᠠᠬᠤ︾ ᠨᠠᠮ ᠤᠨ ᠪᠠᠶᠢᠭᠤᠯᠤᠯᠲᠠ ᠶᠢᠨ ᠤᠬᠠᠭᠤᠯᠭ᠎ᠠ ᠶᠢᠨ ᠹᠢᠯᠢᠮ ᠢ ᠰᠣᠨᠢᠷᠬᠠᠵᠤ᠂ ᠲᠤᠰ ᠤᠳᠠᠭ᠎ᠠ ᠶᠢᠨ ᠦᠵᠡᠭᠦᠯᠦᠯᠭᠡ ᠶᠢ ᠲᠡᠭᠦᠰ ᠠᠮᠵᠢᠯᠲᠠ ᠲᠠᠢ ᠲᠡᠭᠦᠰᠭᠡᠪᠡ᠃ ︽ᠠᠰᠠᠭᠤᠳᠠᠯ ᠢ ᠪᠣᠳᠣᠯᠬᠢᠯᠠᠨ ᠦᠵᠡᠵᠦ᠂ ᠰᠡᠳᠭᠢᠬᠦᠢ ᠲᠠᠢ ᠰᠣᠨᠣᠰᠴᠤ᠂ ᠪᠦᠬᠦ ᠶᠠᠪᠣᠴᠠ ᠳᠦᠭᠦᠷᠡᠩ ᠰᠠᠶᠢᠬᠠᠨ ᠶᠠᠪᠣᠭᠳᠠᠭᠤᠯᠪᠠ︾᠃ ᠨᠠᠢᠮᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠦᠷ᠎ᠡ ᠪᠦᠲᠦᠮᠵᠢ ᠪᠠᠷ ᠰᠠᠶᠢᠨ᠂ ᠥᠪᠡᠷᠮᠢᠴᠡ ᠣᠨᠴᠠᠯᠢᠭ ᠲᠠᠢ ᠬᠢᠯᠠᠰ ᠴᠡᠭ ᠣᠯᠠᠨ᠂ ᠨᠠᠷᠠᠲᠤ ᠲᠡᠮᠳᠡᠭᠲᠦ ᠶᠢ ᠬᠠᠩᠭᠢᠨᠠᠭᠤᠯᠵᠤ ᠪᠠᠶᠢᠨ᠎ᠠ᠂ ᠨᠠᠢᠮᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ  ᠯᠤᠭ᠎ᠠ ᠶᠢᠨ ᠨᠢᠭᠲᠠ ᠬᠠᠷᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠭᠦᠨᠵᠡᠭᠡᠢ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠵᠤ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠵᠤ᠂ ᠭᠠᠷ ᠬᠤᠯᠪᠣᠨ ᠡᠷᠡᠯᠬᠡᠭᠯᠡᠨ ᠤᠷᠤᠭᠰᠢᠯᠠᠬᠤ ᠶᠢ ᠬᠦᠰᠡᠵᠦ ᠪᠠᠶᠢᠨ᠎ᠠ ᠭᠡᠵᠦ ᠣᠯᠠᠨ ᠢᠶᠠᠷ ᠢᠶᠠᠨ ᠰᠠᠨᠠᠯ ᠨᠢᠭᠡᠲᠡᠢ ᠦᠵᠡᠪᠡ᠃ 
725ef96cda6d7124660a241593c5325.jpg   
    ᠦᠵᠡᠭᠦᠯᠦᠯᠭᠡ ᠳᠠᠭᠤᠰᠤᠭᠰᠠᠨ ᠤ ᠳᠠᠷᠠᠭ᠎ᠠ᠂ ᠬᠤᠶᠠᠷ ᠲᠠᠯ᠎ᠠ ᠪᠠᠷ ᠢᠶᠠᠨ᠂ ᠲᠤᠰ ᠤᠳᠠᠭ᠎ᠠ ᠶᠢᠨ ᠰᠣᠯᠢᠯᠴᠠᠭ᠎ᠠ ᠨᠢ ᠠᠬ᠎ᠠ ᠳᠡᠭᠦᠦ ᠨᠢᠭᠡᠴᠡ ᠶᠢᠨ ᠬᠤᠭᠤᠷᠣᠨᠳᠣᠬᠢ ᠰᠤᠷᠤᠯᠴᠠᠯᠭ᠎ᠠ ᠪᠠ ᠨᠥᠬᠦᠷᠯᠡᠯ ᠢ ᠵᠤᠵᠠᠭᠠᠳᠬᠠᠭᠰᠠᠨ ᠢᠶᠠᠷ ᠪᠠᠷᠠᠬᠤ ᠦᠭᠡᠢ᠂ ᠨᠡᠩ ᠴᠤ ᠥᠪᠡᠷ ᠥᠪᠡᠷ ᠤᠨ ᠰᠡᠳᠬᠢᠴᠡ ᠪᠠᠨ ᠥᠷᠭᠡᠳᠬᠡᠵᠦ᠂ ᠤᠯᠠᠨ ᠢᠶᠠᠷ ᠢᠶᠠᠨ ᠬᠠᠷᠢᠯᠴᠠᠨ ᠰᠤᠷᠤᠯᠴᠠᠵᠤ᠂ ᠬᠠᠷᠢᠯᠴᠠᠨ ᠲᠣᠯᠢ ᠪᠣᠯᠭᠠᠵᠤ᠂ ᠰᠠᠶᠢᠨ ᠲᠠᠯ᠎ᠠ ᠶᠢ ᠨᠢ ᠠᠪᠴᠤ ᠳᠣᠲᠠᠭᠳᠠᠯ ᠪᠠᠨ ᠨᠥᠬᠦᠪᠦᠷᠢᠯᠡᠵᠦ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠵᠦ᠂ ᠰᠣᠯᠢᠯᠴᠠᠭ᠎ᠠ ᠪᠠᠨ ᠣᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠠᠮᠵᠢᠯᠴᠠᠭ᠎ᠠ ᠪᠠᠨ ᠴᠢᠩᠭᠠᠳᠬᠠᠵᠤ᠂ ᠨᠢᠭᠲᠠ ᠬᠠᠮᠵᠢᠯᠴᠠᠨ ᠨᠡᠶᠢᠭᠡᠮ ᠤᠨ ᠠᠮᠤᠷ ᠲᠦᠪᠰᠢᠨ ᠤ ᠶᠡᠭᠡ ᠲᠠᠯ᠎ᠠ ᠶᠢᠨ ᠦᠷᠭᠦᠯᠵᠢᠯᠡᠨ ᠲᠣᠭᠲᠠᠭᠤᠨ ᠪᠠᠶᠢᠬᠤ ᠶᠢ ᠬᠠᠮᠠᠭᠠᠯᠠᠵᠤ᠂ ᠪᠦᠬᠦ ᠬᠦᠴᠦᠨ ᠢᠶᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠤᠷ ᠢ ᠬᠠᠮᠠᠭᠠᠯᠠᠬᠤ ᠲᠣᠭᠲᠠᠭᠤᠨ ᠢ ᠬᠠᠮᠠᠭᠠᠯᠠᠬᠤ ᠡᠭᠦᠷᠭᠡ ᠳᠤ ᠣᠷᠣᠯᠴᠠᠨ᠎ᠠ ᠭᠡᠵᠦ ᠰᠠᠨᠠᠯ ᠨᠢᠭᠡᠲᠡᠢ ᠦᠵᠡᠪᠡ᠃
 0dba7b20def9d57bb75f35ea0960229.jpg
 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号