ᠪᠦᠬᠦ ᠬᠤᠰᠢᠭᠤᠨ ᠤ ᠵᠣᠬᠢᠶᠠᠨ ᠪᠠᠶᠢᠭᠤᠯᠬᠤ ᠠᠵᠢᠯ ᠤᠨ ᠭᠤᠣᠯᠳᠠᠯᠭ᠎ᠠ ᠲᠠᠢ ᠬᠦᠴᠢᠷ ᠲᠠᠢ ᠠᠰᠠᠭᠤᠳᠠᠯ ᠢ | ᠰᠢᠢᠳᠪᠤᠷᠢᠯᠡᠬᠦ ︽ ᠵᠠᠷ ᠱᠠᠭᠠᠯᠠᠵᠦ ᠠᠵᠢᠯ ᠲᠤᠰᠬᠤ︾ ᠠᠵᠢᠯ ᠢ ᠪᠠᠶᠢᠷᠢᠯᠠᠭᠤᠯᠤᠭᠰᠠᠨ ᠬᠤᠷᠠᠯ ᠤᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠭᠤᠷᠪᠠ ᠶᠢ ᠣᠷᠣᠭᠤᠯᠤᠨ ᠠᠪᠴᠢᠷᠠᠵᠤ ᠨᠢᠭᠡ ᠶᠢ | ᠬᠥᠮᠥᠵᠢᠭᠦᠯᠬᠦ︾ ᠶᠢ ᠯᠠᠪᠳᠠᠭᠤᠨ ᠪᠠᠲᠤᠲᠠᠢ ᠠᠬᠢᠭᠤᠯᠵᠤ᠂ ᠴᠢᠳᠠᠪᠤᠷᠢᠲᠠᠨ ᠤ ᠠᠵᠢᠯ ᠤᠨ ︽ᠰᠡᠳᠬᠢᠯ ᠰᠠᠨᠠᠭ᠎ᠠ ᠶᠢ | ᠨᠢ ᠴᠢᠩᠭᠠᠷᠠᠭᠤᠯᠵᠤ ᠠᠮᠢᠳᠤᠯᠢᠭ ᠪᠣᠯᠭᠠᠬᠤ︾ ᠲᠥᠷᠥᠯ ᠵᠦᠢᠯ ᠢ ᠨᠠᠶᠢᠳᠠᠪᠤᠷᠢᠵᠢᠭᠤᠯᠤᠨ ᠠᠬᠢᠭᠤᠯᠵᠦ᠂ ᠰᠢᠨ᠎ᠡ | ᠪᠠᠶᠢᠳᠠᠯ ᠤᠨ ᠳᠣᠣᠷᠠᠬᠢ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠬᠥᠮᠥᠵᠢᠭᠦᠯᠬᠦ᠂ ᠬᠡᠷᠡᠭᠯᠡᠬᠦ ᠰᠢᠨ᠎ᠡ | ᠲᠣᠭᠲᠠᠴᠠ ᠶᠢ ᠢᠳᠡᠪᠬᠢᠲᠡᠢ ᠰᠦᠪᠡᠭᠴᠢᠯᠡᠬᠦ ᠶᠢᠨ ᠲᠦᠯᠤᠭᠡ᠂ ᠵᠠᠷᠤᠳ ᠬᠤᠰᠢᠭᠤᠨ ᠤ ᠰᠢᠨᠵᠢᠯᠡᠭᠡ ᠮᠡᠷᠭᠡᠵᠢᠯ ᠤᠨ | ᠨᠡᠶᠢᠭᠡᠮᠯᠢᠭ ᠤᠨ ᠭᠤᠶᠤᠴᠢᠯᠠᠨ ᠮᠡᠳᠡᠭᠦᠯᠦᠭᠰᠡᠨ ᠰᠢᠨᠵᠢᠯᠡᠭᠡ ᠮᠡᠷᠭᠡᠵᠢᠯ ᠤᠨ ᠪᠠᠭ᠎ᠠ ᠬᠦᠷᠢᠶᠡᠯᠡᠩ ᠭᠡᠷᠴᠢᠯᠠᠭᠤ | ᠰᠤᠮᠤ ᠶᠢᠨ ᠮᠠᠩᠬᠠᠲᠤ ᠭᠠᠴᠠᠭ᠎ᠠ ᠳᠤ ᠨᠤᠳᠤᠭᠰᠢᠪᠠ᠃ | ᠶᠠᠭᠤ ᠶᠢ ᠰᠢᠨᠵᠢᠯᠡᠭᠡ ᠮᠡᠷᠭᠡᠵᠢᠯ ᠤᠨ ᠪᠠᠭ᠎ᠠ ᠬᠦᠷᠢᠶᠡᠯᠡᠩ ᠭᠡᠬᠦ ᠪᠤᠢ | ︽ᠰᠢᠨᠵᠢᠯᠡᠭᠡ ᠮᠡᠷᠭᠡᠵᠢᠯ ᠤᠨ ᠪᠠᠭ᠎ᠠ ᠬᠦᠷᠢᠶᠡᠯᠡᠩ︾ ᠪᠣᠯ ᠳᠤᠮᠳᠠᠳᠤ ᠤᠯᠤᠰ ᠤᠨᠰᠢᠨᠵᠢᠯᠡᠭᠡ ᠮᠡᠷᠭᠡᠵᠢᠯ ᠤᠨ | ᠨᠡᠶᠢᠭᠡᠮᠯᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ᠂ | ᠣᠷᠣᠨ ᠨᠤᠲᠤᠭ ᠤᠨ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠳᠤ ᠴᠢᠭᠯᠡᠭᠦᠯᠵᠦ᠂ ᠶᠡᠭᠡ | ᠳᠡᠭᠡᠳᠦ ᠰᠤᠷᠭᠠᠭᠤᠯᠢ ᠶᠢᠨ ᠰᠢᠨᠵᠢᠯᠡᠭᠡ ᠮᠡᠷᠭᠡᠵᠢᠯ ᠤᠨ ᠪᠦᠯᠬᠦᠮ ᠤᠨ ᠳᠠᠪᠠᠭᠤᠯᠢᠭ ᠢ ᠪᠠᠳᠠᠷᠠᠭᠤᠯᠵᠤ᠂ ᠶᠡᠬᠡᠪᠡᠷ | ᠳᠡᠯᠭᠡᠷᠡᠭᠦᠯᠦᠭᠰᠡᠨ ᠰᠢᠨᠵᠢᠯᠡᠭᠡ ᠮᠡᠷᠭᠡᠵᠢᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ | ᠨᠡᠮᠡᠷᠢᠯᠡᠬᠦ ᠰᠢᠨ᠎ᠡ ᠵᠠᠭᠪᠤᠷ ᠪᠣᠯᠣᠨ᠎ᠠ᠃ ᠭᠤᠣᠯᠳᠠᠭᠤ ᠳᠡᠭᠡᠳᠦ ᠰᠤᠷᠭᠠᠭᠤᠯᠢ᠂ ᠰᠢᠨᠵᠢᠯᠡᠬᠦ ᠮᠡᠷᠭᠡᠵᠢᠯ ᠤᠨ | ᠰᠤᠳᠤᠯᠭᠠᠨ ᠤ ᠬᠦᠷᠢᠶᠡᠯᠡᠩ ᠭᠠᠵᠠᠷ ᠤᠨ ᠰᠢᠨ᠎ᠡ ᠶᠢ ᠡᠭᠦᠳᠬᠦ ᠡᠬᠢ ᠪᠠᠶᠠᠯᠢᠭ᠂ ᠴᠢᠳᠠᠪᠤᠷᠢᠲᠠᠨ ᠤ ᠡᠬᠢ ᠪᠠᠶᠠᠯᠢᠭ ᠢ | ᠭᠦᠢᠴᠡᠳ ᠠᠰᠢᠭᠯᠠᠵᠤ᠂ ᠰᠤᠷᠭᠠᠭᠤᠯᠢ ᠪᠠ ᠣᠷᠣᠨ ᠨᠤᠲᠤᠭ ᠤᠨ ᠬᠠᠮᠲᠤ ᠶᠢᠨ ᠪᠦᠲᠦᠭᠡᠨ ᠪᠠᠶᠢᠭᠤᠯᠤᠯᠲᠠ ᠶᠢ | ᠭᠦᠨᠵᠡᠭᠡᠶᠢᠷᠡᠭᠦᠯᠵᠦ᠂ ᠲᠠᠷᠢᠶᠠᠯᠠᠩ ᠤᠨ ᠳᠡᠭᠡᠳᠦ ᠰᠤᠷᠭᠠᠭᠤᠯᠢ ᠶᠢᠨ ᠠᠰᠫᠢᠷᠠᠨᠲ ᠤᠨ ᠪᠦᠯᠬᠦᠮ ᠢ ᠲᠤᠮᠢᠯᠠᠨ ᠬᠥᠳᠡᠭᠡ | ᠲᠣᠰᠬᠤᠨ ᠳᠤ ᠪᠠᠶᠢᠩᠭᠤ ᠰᠠᠭᠤᠵᠤ ᠰᠢᠨᠵᠢᠯᠡᠬᠦ ᠮᠡᠷᠭᠡᠵᠢᠯ ᠤᠨ ᠰᠤᠳᠤᠯᠭᠠᠨ ᠤ ᠪᠣᠭᠤᠮᠲᠠ ᠰᠢᠪᠲᠤᠯᠬᠤ᠂ ᠦᠷ᠎ᠡ | ᠪᠦᠲᠦᠭᠡᠯ ᠢ ᠬᠤᠪᠢᠷᠠᠭᠤᠯᠬᠤ᠂ ᠵᠢᠱᠢᠶ᠎ᠡ ᠦᠵᠡᠭᠦᠯᠦᠨ ᠳᠡᠯᠭᠡᠷᠡᠭᠦᠯᠬᠦ ᠪᠠ ᠴᠢᠳᠠᠪᠤᠷᠢᠲᠠᠨ ᠢ ᠬᠥᠮᠥᠵᠢᠭᠦᠯᠬᠦ ᠵᠡᠷᠭᠡ | ᠠᠵᠢᠯ ᠢ ᠥᠷᠨᠢᠭᠦᠯᠵᠦ᠂ ᠰᠢᠨᠵᠢᠯᠡᠬᠦ ᠮᠡᠷᠭᠡᠵᠢᠯ ᠤᠨ ᠰᠤᠳᠤᠯᠭᠠᠨ ᠪᠣᠯᠣᠨ ᠦᠢᠯᠡᠳᠪᠦᠷᠢᠯᠡᠯ ᠢ ᠥᠴᠥᠬᠡᠨ ᠴᠦ ᠵᠠᠪᠰᠠᠷ | ᠦᠭᠡᠢ ᠵᠣᠯᠭᠠᠭᠤᠯᠬᠤ᠂ ᠲᠤᠰᠬᠠᠢ ᠮᠡᠷᠭᠡᠵᠢᠯᠲᠡᠨ ᠠᠴᠠ ᠲᠠᠷᠢᠶᠠᠴᠢᠨ ᠡᠷᠦᠬᠡ ᠳᠤ ᠥᠴᠥᠬᠡᠨ ᠴᠦ ᠴᠠᠭ ᠤᠨ ᠵᠥᠷᠢᠶ᠎ᠡ | ᠦᠭᠡᠢ ᠵᠢᠭᠠᠨ ᠵᠢᠯᠤᠭᠤᠳᠬᠤ᠂ ᠨᠥᠬᠦᠴᠡᠯ ᠱᠠᠭᠠᠷᠳᠠᠯᠭ᠎ᠠ ᠦᠭᠡᠢ ᠤᠶᠢᠯᠡᠴᠢᠯᠡᠬᠦ᠂ ᠲᠦᠯᠤᠪᠤᠷᠢ ᠦᠭᠡᠢ ᠪᠣᠯᠪᠠᠰᠤᠷᠠᠯ | ᠬᠦᠷᠲᠡᠭᠡᠬᠦ ᠶᠢ ᠪᠡᠶᠡᠯᠡᠭᠦᠯᠵᠦ᠂ ᠮᠠᠯᠴᠢᠨ ᠲᠠᠷᠢᠶᠠᠴᠢᠨ ᠲᠤ ᠴᠡᠭ ᠲᠠᠭᠠᠭᠠᠴᠢᠯᠠᠨ᠂ ᠨᠢᠭᠤᠷᠳᠠᠨ ᠮᠡᠷᠭᠡᠵᠢᠯ ᠤᠨ | ᠦᠢᠯᠡᠴᠢᠯᠡᠭᠡ ᠬᠠᠩᠭᠠᠵᠤ᠂ ᠰᠢᠨ᠎ᠡ ᠴᠠᠭ ᠦᠶ᠎ᠡ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ | ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠰᠢᠨᠵᠢᠯᠡᠭᠡ ᠮᠡᠷᠭᠡᠵᠢᠯ ᠤᠨ ᠲᠤᠯᠭᠠᠭᠤᠷᠢᠯᠠᠯ | ᠬᠠᠩᠭᠠᠬᠤ ᠶᠢ ᠬᠡᠯᠡᠵᠦ ᠪᠠᠶᠢᠨ᠎ᠠ᠃ | ᠠᠮᠢ ᠠᠬᠤᠢ ᠰᠢᠨᠵᠢᠯᠡᠭᠡ ᠮᠡᠷᠭᠡᠵᠢᠯ ᠤᠨ ᠪᠠᠭ᠎ᠠ ᠬᠦᠷᠢᠶᠡᠯᠡᠩ | ᠰᠢᠨᠵᠢᠯᠡᠭᠡ ᠮᠡᠷᠭᠡᠵᠢᠯ ᠤᠨ ᠪᠠᠭ᠎ᠠ ᠬᠦᠷᠢᠶᠡᠯᠡᠩ ᠨᠢ ᠭᠡᠷᠴᠢᠯᠠᠭᠤ ᠰᠤᠮᠤ ᠶᠢᠨ ᠮᠠᠩᠬᠠᠲᠤ ᠭᠠᠴᠠᠭ᠎ᠠ ᠳᠤ | ᠪᠠᠶᠢᠷᠢᠯᠠᠵᠤ᠂ ᠯᠦᠪᠧᠢ ᠪᠠᠯᠭᠠᠰᠤ ᠠᠴᠠ 45 ᠺᠢᠯᠤᠮᠥᠲᠷ ᠵᠠᠶᠢᠲᠠᠢ᠂ ︽ᠡᠬᠡ ᠪᠠᠶᠢᠭᠠᠯᠢ ᠳᠠᠭᠠᠨ ᠪᠤᠴᠠᠬᠤ᠂ | ᠪᠣᠬᠢᠷᠳᠤᠯ ᠦᠭᠡᠢ ᠬᠠᠮᠲᠤᠪᠠᠷ ᠡᠳ᠋ᠯᠡᠬᠦ︾ ᠪᠠᠷ ᠣᠶᠢᠯᠠᠭᠠᠭᠳᠠᠬᠤᠨ ᠪᠣᠯᠭᠠᠭᠰᠠᠨ ᠰᠢᠨ᠎ᠡ ᠮᠠᠯ ᠠᠵᠤ ᠠᠬᠤᠢ | ᠲᠠᠷᠢᠶᠠᠯᠠᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ᠎ᠠ᠃ ᠰᠢᠨᠵᠢᠯᠡᠭᠡ ᠮᠡᠷᠭᠡᠵᠢᠯ ᠤᠨ ᠪᠠᠭ᠎ᠠ | ᠬᠦᠷᠢᠶᠡᠯᠡᠩ ᠤᠨ ᠭᠤᠣᠯ ᠠᠭᠤᠯᠭ᠎ᠠ ᠨᠢ ᠪᠣᠬᠢᠷᠳᠤᠯ ᠦᠭᠡᠢ ᠡᠷᠭᠢᠯᠲᠡᠲᠦ ᠳᠠᠷᠢᠵᠤ ᠲᠡᠵᠢᠭᠡᠬᠦ ᠵᠠᠭᠪᠤᠷ ᠵᠢᠴᠢ ︽ | ᠬᠦᠷᠤᠰᠤ ᠰᠢᠷᠤᠢ ︱ ᠡᠪᠡᠰᠦ ᠪᠡᠯᠴᠢᠭᠡᠷ ︱ ᠮᠠᠯ ᠤᠨᠤᠭ᠎ᠠ︾ ᠶᠢᠨ ᠵᠠᠭᠠᠭ ᠭᠠᠳᠠᠷᠭᠤ ᠶᠢᠨ ᠠᠮᠢᠳᠤ ᠪᠣᠳᠠᠰ ᠤᠨ | ᠤᠬᠠᠭᠠᠨ ᠤ ᠬᠤᠪᠢᠷᠠᠭᠤᠯᠤᠯᠲᠠ ᠪᠠ ᠦᠷ᠎ᠡ ᠠᠰᠢᠭ ᠢ ᠨᠡᠮᠡᠭᠳᠡᠭᠦᠯᠬᠦ ᠵᠠᠩᠭᠢᠯᠠᠭ᠎ᠠ ᠶᠢᠨ ᠮᠡᠷᠭᠡᠵᠢᠯ ᠢᠶᠠᠷ ᠭᠤᠣᠯ | ᠪᠣᠯᠭᠠᠨ᠎ᠠ᠃ | ᠨᠢᠭᠡ᠂ ᠬᠡᠷᠡᠭᠵᠢᠭᠦᠯᠬᠦ ᠪᠤᠳᠠᠳᠠᠢ ᠠᠭᠤᠯᠭ᠎ᠠ᠄ | 1. ᠪᠠᠶᠢᠭᠠᠯᠢ ᠶᠢᠨ ᠨᠤᠳᠤᠭ ᠪᠡᠯᠴᠢᠭᠡᠷ ᠢ ᠵᠦᠢ ᠵᠣᠬᠢᠰᠲᠠᠢ ᠠᠰᠢᠭᠯᠠᠬᠤ | ᠨᠤᠲᠤᠭ ᠪᠡᠯᠴᠢᠭᠡᠷ ᠠᠮᠢ ᠠᠬᠤᠢ ᠶᠢᠨ ᠰᠠᠶᠢᠵᠢᠷᠠᠯᠲᠠ ᠪᠠ ᠦᠢᠯᠡᠳᠪᠦᠷᠢᠯᠡᠯ ᠤᠨ ᠬᠦᠴᠦᠨ ᠤ ᠳᠡᠭᠡᠭᠰᠢᠯᠡᠯᠲᠡ ᠶᠢᠨ | ᠴᠢᠬᠤᠯᠠ ᠶᠡᠭᠡ ᠬᠡᠷᠡᠭᠴᠡᠭᠡ ᠳᠤ ᠴᠢᠭᠯᠡᠭᠦᠯᠦᠨ᠂ ︽ᠬᠦᠷᠤᠰᠤ ᠰᠢᠷᠤᠢ ︱ ᠡᠪᠡᠰᠦ ᠪᠡᠯᠴᠢᠭᠡᠷ ︱ ᠮᠠᠯ ᠤᠨᠤᠭ᠎ᠠ︾ | ᠤᠨ ᠵᠠᠭᠠᠭ ᠭᠠᠳᠠᠷᠭᠤ ᠶᠢᠨ ᠠᠮᠢᠳᠤ ᠪᠣᠳᠠᠰ ᠤᠨ ᠰᠤᠳᠤᠯᠤᠯ ᠤᠨ ᠤᠯᠠᠷᠢᠭᠤᠯᠬᠤ ᠪᠠ ᠦᠷ᠎ᠡ ᠠᠰᠢᠭ ᠢ ᠨᠡᠮᠡᠭᠳᠡᠭᠦᠯᠬᠦ | ᠵᠠᠩᠭᠢᠯᠠᠭ᠎ᠠ ᠶᠢᠨ ᠮᠡᠷᠭᠡᠵᠢᠯ ᠢᠶᠠᠷ ᠭᠠᠷᠳᠠᠴᠠ ᠪᠣᠯᠭᠠᠵᠤ᠂ ᠵᠦᠢ ᠵᠣᠬᠢᠰᠲᠠᠢ ᠲᠠᠭᠠᠭᠠᠴᠠ ᠶᠢᠨ ᠬᠡᠮᠵᠢᠶ᠎ᠡ ᠶᠢ | ᠲᠣᠭᠲᠠᠭᠠᠭᠰᠠᠨ ᠰᠠᠭᠤᠷᠢᠨ ᠳᠡᠭᠡᠷ᠎ᠡ᠂ ᠭᠡᠷ ᠤᠨ ᠲᠡᠵᠢᠭᠡᠪᠦᠷᠢ ᠶᠢᠨ ᠢᠳᠡᠰᠢᠯᠡᠬᠦ ᠴᠢᠨᠠᠷ ᠪᠠ ᠢᠳᠡᠰᠢ ᠶᠢᠨ | ᠬᠡᠮᠵᠢᠶ᠎ᠡ ᠶᠢᠨ ᠣᠨᠴᠠᠯᠢᠭ ᠢ ᠦᠨᠳᠦᠰᠦᠯᠡᠨ᠂ ᠪᠡᠯᠴᠢᠭᠡᠷ ᠡᠪᠡᠰᠦᠨ ᠤ ᠤᠷᠭᠤᠯᠲᠠ ᠶᠢᠨ ᠠᠳᠠᠯᠢ ᠪᠤᠰᠤ ᠴᠠᠭ | ᠬᠤᠭᠤᠴᠠᠭᠠᠨ ᠳᠤ᠂ ᠪᠡᠯᠴᠢᠭᠡᠷᠯᠡᠭᠦᠯᠬᠦ ᠶᠢ ᠤᠯᠠᠷᠢᠯ ᠢᠶᠠᠷ ᠲᠣᠬᠢᠷᠠᠭᠤᠯᠤᠨ ᠡᠵᠡᠮᠳᠡᠬᠦ ᠮᠡᠷᠭᠡᠵᠢᠯ ᠢ ᠬᠡᠷᠡᠭᠯᠡᠨ᠂ | ᠨᠤᠲᠤᠭ ᠪᠡᠯᠴᠢᠭᠡᠷ ᠢ ᠵᠦᠢ ᠵᠣᠬᠢᠰᠲᠠᠢ ᠪᠡᠯᠴᠢᠭᠡᠷᠯᠡᠭᠦᠯᠦᠨ ᠠᠰᠢᠭᠯᠠᠵᠤ᠂ ᠨᠤᠲᠤᠭ ᠪᠡᠯᠴᠢᠭᠡᠷ ᠤᠨ ᠦᠷᠭᠦᠯᠵᠢᠯᠡᠨ | ᠦᠢᠯᠡᠳᠪᠦᠷᠢᠯᠡᠬᠦ ᠪᠠ ᠠᠰᠢᠭᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | 2. ᠣᠷᠭᠠᠨᠢᠭ ᠪᠣᠷᠳᠣᠭᠤᠷ ᠢ ᠣᠷᠴᠢᠯᠳᠤᠭᠤᠯᠤᠨ ᠠᠰᠢᠭᠯᠠᠬᠤ ᠮᠡᠷᠭᠡᠵᠢᠯ | ᠤᠯᠠᠮᠵᠢᠯᠠᠯᠲᠤ ᠪᠡᠯᠴᠢᠭᠡᠷᠯᠡᠭᠦᠯᠬᠦ ᠠᠷᠭ᠎ᠠ ᠮᠠᠶ᠋ᠢᠭ ᠨᠢ ᠤᠰᠤ ᠪᠡᠯᠴᠢᠭᠡᠷ ᠤᠨ ᠰᠢᠮ᠎ᠡ ᠲᠡᠵᠢᠭᠡᠯᠲᠦ ᠪᠣᠳᠠᠰ ᠢ | ᠲᠠᠰᠤᠷᠠᠯᠲᠠ ᠦᠭᠡᠢ ᠠᠯᠳᠠᠭᠳᠠᠭᠤᠯᠵᠤ᠂ ᠭᠡᠷ ᠤᠨ ᠲᠡᠵᠢᠭᠡᠪᠦᠷᠢ ᠶᠢᠨ ᠢᠯᠭᠠᠳᠠᠰᠤ ᠬᠠᠶᠠᠭᠳᠠᠮᠠᠯ ᠪᠣᠳᠠᠰ ᠢ | ᠣᠯᠠᠩᠬᠢ ᠳᠠᠭᠠᠨ ᠠᠮᠢᠳᠤᠷᠠᠯ ᠪᠠ ᠳᠤᠯᠠᠭᠠᠯᠠᠭ᠎ᠠ ᠳᠤ ᠬᠡᠷᠡᠭᠯᠡᠵᠦ᠂ ᠨᠤᠳᠤᠭ ᠪᠡᠯᠴᠢᠭᠡᠷ ᠤᠨ ᠠᠮᠢ ᠠᠬᠤᠢ ᠶᠢᠨ | ᠰᠢᠰᠲ᠋ᠧᠮ ᠳᠤ ᠲᠠᠬᠢᠨ ᠪᠤᠴᠠᠭᠠᠭᠰᠠᠨ ᠦᠭᠡᠢ᠃ ᠬᠡᠷᠪᠡ ᠬᠥᠷᠥᠰᠥ ᠰᠢᠷᠣᠢ ᠶᠢ ᠰᠠᠶᠢᠵᠢᠷᠠᠭᠤᠯᠬᠤ ᠲᠣᠬᠢᠷᠠᠭᠤᠯᠤᠭᠴᠢ | ᠴᠠᠬᠢᠭᠤᠷ ᠵᠠᠮᠠᠭ ᠤᠨ ᠰᠢᠷᠣᠢ ᠵᠢᠴᠢ ᠢᠯᠵᠢᠮᠡᠭ ᠬᠦᠴᠢᠯ ᠤᠨ ᠪᠤᠴᠠᠯᠭᠠᠭᠤᠷ ᠴᠢᠯᠠᠭᠤ ᠵᠡᠷᠭᠡ ᠪᠣᠬᠢᠷᠳᠤᠯ ᠦᠭᠡᠢ | ᠮᠠᠲ᠋ᠧᠷᠢᠶᠠᠯ ᠢ ᠬᠡᠷᠡᠭᠯᠡᠨ᠂ ᠠᠰᠢᠭᠲᠤ ᠮᠢᠺᠷᠣᠪ ᠪᠠᠺᠲ᠋ᠧᠷᠢ ᠶᠢᠨ ᠪᠦᠯᠦᠭ ᠤᠨ ᠢᠰᠬᠡᠯᠲᠡ ᠶᠢᠨ ᠮᠡᠷᠭᠡᠰᠢᠯ ᠢᠶᠠᠷ ᠳᠡᠮᠵᠢᠨ | ᠂ ᠭᠡᠷ ᠤᠨ ᠲᠡᠵᠢᠭᠡᠪᠦᠷᠢ ᠶᠢᠨ ᠪᠠᠭᠠᠰᠤ ᠢᠯᠭᠠᠳᠠᠰᠤ ᠶᠢ ᠳᠣᠣᠷ᠎ᠠ ᠳᠤᠯᠠᠭᠠᠨ ᠳᠤ ᠲᠦᠷᠭᠡᠨ ᠢᠰᠬᠡᠵᠦ᠂ ᠤᠷᠭᠤᠮᠠᠯ ᠤᠨ | ᠣᠷᠭᠠᠨᠢᠭ ᠰᠢᠮ᠎ᠡ ᠲᠡᠵᠢᠭᠡᠯ ᠪᠣᠯᠭᠠᠨ ᠬᠤᠪᠢᠷᠠᠭᠤᠯᠵᠤ᠂ ᠪᠠᠭᠠᠰᠤ ᠢᠯᠭᠠᠳᠠᠰᠤ ᠶᠢ ᠪᠦᠲᠦᠮᠵᠢᠲᠡᠶ ᠠᠰᠢᠭᠯᠠᠬᠤ ᠶᠢ | ᠠᠬᠢᠭᠤᠯᠤᠨ᠎ᠠ᠃ | 3. ᠭᠡᠷ ᠤᠨ ᠲᠡᠵᠢᠭᠡᠪᠦᠷᠢ ᠶᠢ ᠡᠭᠦᠯᠳᠡᠷ ᠰᠠᠶᠢᠵᠢᠷᠠᠭᠤᠯᠤᠨ ᠡᠷᠯᠢᠰᠡᠵᠢᠭᠦᠯᠵᠦ ᠲᠡᠵᠢᠭᠡᠨ ᠦᠷᠡᠵᠢᠭᠦᠯᠬᠦ | ᠲᠣᠰ ᠭᠠᠵᠠᠷ ᠤᠨ ᠭᠡᠷ ᠤᠨ ᠲᠡᠵᠢᠭᠡᠪᠦᠷᠢ ᠶᠢᠨ ᠡᠭᠦᠯᠳᠡᠷ ᠪᠣᠯᠣᠨ ᠰᠢᠯᠢᠳᠡᠭ ᠡᠭᠦᠯᠳᠡᠷ ᠢ ᠬᠡᠷᠡᠭᠯᠡᠨ ᠭᠡᠷ ᠤᠨ | ᠲᠡᠵᠢᠭᠡᠪᠦᠷᠢ ᠶᠢ ᠡᠷᠯᠢᠰᠡᠵᠢᠭᠦᠯᠦᠨ ᠪᠣᠶᠢᠵᠢᠭᠤᠯᠬᠤ ᠮᠡᠷᠭᠡᠵᠢᠯ᠂ ᠰᠢᠯᠢᠳᠡᠭ ᠭᠡᠷ ᠤᠨ ᠲᠡᠵᠢᠭᠡᠪᠦᠷᠢ ᠶᠢ ᠦᠷᠭᠦᠯᠵᠢᠯᠡᠨ | ᠡᠷᠯᠢᠰᠡᠵᠢᠭᠦᠯᠦᠨ ᠪᠤᠶᠢᠵᠢᠭᠤᠯᠬᠤ ᠮᠡᠷᠭᠡᠵᠢᠯ ᠤᠨ ᠵᠠᠭᠪᠤᠷ ᠢ ᠬᠡᠷᠡᠭᠯᠡᠨ᠂ ᠭᠡᠷ ᠤᠨ ᠲᠡᠵᠢᠭᠡᠪᠦᠷᠢ ᠶᠢᠨ ᠦᠷᠡᠵᠢᠯ ᠤᠨ | ᠴᠢᠨᠠᠷ ᠴᠢᠨᠰᠠᠭ᠎ᠠ ᠶᠢ ᠰᠠᠶᠢᠵᠢᠷᠠᠭᠤᠯᠤᠨ᠎ᠠ᠃ ᠭᠡᠷ ᠤᠨ ᠲᠡᠵᠢᠭᠡᠪᠦᠷᠢ ᠶᠢ ᠨᠠᠷᠢᠯᠢᠭ ᠣᠨᠣᠴᠠᠲᠠᠢ ᠪᠣᠷᠳᠣᠵᠤ | ᠲᠠᠷᠭᠤᠯᠠᠭᠤᠯᠬᠤ ᠮᠡᠷᠭᠡᠵᠢᠯ ᠤᠨ ᠵᠠᠭᠪᠤᠷ ᠢ ᠬᠡᠷᠡᠭᠯᠡᠨ᠂ ᠠᠳᠠᠯᠢ ᠪᠤᠰᠤ ᠭᠡᠷ ᠤᠨ ᠲᠡᠵᠢᠭᠡᠪᠦᠷᠢ ᠶᠢᠨ ᠪᠣᠳᠠᠭᠠᠯᠢ | ᠪᠡᠶ᠎ᠡ ᠶᠢᠨ ᠦᠢᠯᠡᠳᠪᠦᠷᠢᠯᠡᠯ ᠤᠨ ᠴᠢᠳᠠᠮᠵᠢ ᠪᠠ ᠪᠣᠷᠳᠣᠵᠤ ᠲᠠᠷᠭᠤᠯᠠᠭᠤᠯᠬᠤ ᠨᠥᠬᠦᠴᠡᠯ ᠢ ᠦᠨᠳᠦᠰᠦᠯᠡᠨ᠂ ᠵᠣᠬᠢᠬᠤ | ᠪᠣᠷᠳᠣᠵᠤ ᠲᠠᠷᠭᠤᠯᠠᠭᠤᠯᠬᠤ ᠵᠣᠷ ᠲᠣᠭᠲᠠᠭᠠᠵᠤ᠂ ᠭᠡᠷ ᠤᠨ ᠲᠡᠵᠢᠭᠡᠪᠦᠷᠢ ᠶᠢᠨ ᠰᠢᠮ᠎ᠡ ᠲᠡᠵᠢᠭᠡᠯ ᠵᠢᠴᠢ ᠮᠢᠬᠠᠨ ᠤ | ᠭᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠬᠤᠶᠠᠷ᠂ ᠴᠢᠳᠠᠪᠤᠷᠢᠲᠠᠨ ᠢ ᠤᠶᠠᠨ ᠢᠶᠠᠷ ᠲᠠᠳᠠᠵᠦ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠨ᠎ᠡ | ᠵᠠᠷᠤᠳ ᠬᠤᠰᠢᠭᠤᠨ ᠤ ᠰᠢᠨ ᠯᠢ ᠠᠮᠢ ᠠᠬᠤᠢ ᠶᠢᠨ ᠰᠢᠨᠵᠢᠯᠡᠭᠡ ᠮᠡᠷᠭᠡᠵᠢᠯ ᠤᠨ ᠪᠠᠭ᠎ᠠ ᠬᠦᠷᠢᠶᠡᠯᠡᠩ ᠪᠤᠯ | ᠬᠤᠰᠢᠭᠤᠨ ᠤ ᠰᠢᠨᠵᠢᠯᠡᠭᠡ ᠮᠡᠷᠭᠡᠵᠢᠯ ᠤᠨ ᠨᠡᠶᠢᠭᠡᠮᠯᠢᠭ ᠠᠴᠠ ᠲᠦᠷᠦᠭᠦᠯᠡᠵᠦ᠂ ᠯᠢ ᠰᠢ ᠯᠢ ᠬᠡᠷᠡᠭ ᠡᠷᠬᠢᠯᠡᠭᠴᠢᠳ ᠤᠨ | ᠳᠠᠷᠤᠭ᠎ᠠ ᠠᠴᠠ ᠡᠳᠦᠷ ᠲᠤᠲᠤᠮ ᠤᠨ ᠠᠵᠢᠯᠯᠠᠭᠠᠨ ᠪᠠ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢ | ᠬᠠᠷᠢᠭᠤᠴᠠᠵᠤ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠲᠠᠷᠢᠶᠠᠯᠠᠩ ᠤᠨ ᠳᠡᠭᠡᠳᠦ | ᠰᠤᠷᠭᠠᠭᠤᠯᠢ ᠶᠢᠨ ᠳᠡᠳ᠋ ᠵᠠᠬᠢᠷᠤᠯ᠂ ᠳ᠋ᠣᠺᠲ᠋ᠣᠷ᠂ ᠫᠷᠤᠹᠧᠰᠰᠤᠷ᠂ ᠠᠰᠫᠢᠷᠠᠨᠲ ᠤᠨ ᠵᠢᠯᠣᠭᠤᠳᠤᠭᠴᠢ ᠪᠠᠭᠰᠢ ᠭᠤᠸ | ᠺᠠᠢ ᠠᠴᠠ ᠲᠡᠷᠢᠭᠦᠨ ᠮᠡᠷᠭᠡᠵᠢᠯᠲᠡᠨ ᠪᠣᠯᠵᠤ᠂ ᠰᠢᠨᠵᠢᠯᠡᠭᠡ ᠮᠡᠷᠭᠡᠵᠢᠯ ᠤᠨ ᠪᠠᠭ᠎ᠠ ᠬᠦᠷᠢᠶᠡᠯᠡᠩ ᠤᠨ ᠳ᠋ᠣᠺᠲ᠋ᠣᠷᠠᠨᠲ ᠤᠨ | ᠠᠵᠢᠯ ᠤᠨ ᠴᠡᠭ ᠢ ᠨᠢᠭᠡᠨᠲᠡ ᠭᠤᠶᠤᠴᠢᠯᠠᠨ ᠮᠡᠳᠡᠭᠦᠯᠪᠡ᠃ ᠰᠢᠨᠵᠢᠯᠡᠭᠡ ᠮᠡᠷᠭᠡᠵᠢᠯ ᠤᠨ ᠪᠠᠭ᠎ᠠ ᠬᠦᠷᠢᠶᠡᠯᠡᠩ ᠳᠤ | ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠠᠨ ᠭᠦᠸᠧ ᠳ᠋ᠦᠩ ᠫᠷᠤᠹᠧᠰᠰᠤᠷ᠂ ᠳᠤᠮᠳᠠᠳᠤ | ᠤᠯᠤᠰ ᠤᠨ ᠰᠢᠨᠵᠢᠯᠡᠭᠡ ᠮᠡᠷᠭᠡᠵᠢᠯ ᠤᠨ ᠬᠦᠷᠢᠶᠡᠯᠡᠩ ᠤᠨ ᠤᠷᠭᠤᠮᠠᠯ ᠤᠨ ᠰᠤᠳᠤᠯᠭᠠᠨ ᠤ ᠭᠠᠵᠠᠷ ᠤᠨ ᠸᠠᠩ ᠴᠢ ᠪᠢᠩ | ᠰᠤᠳᠤᠯᠤᠭᠴᠢ᠂ ᠯᠠᠨᠵᠧᠦ ᠶᠡᠭᠡ ᠰᠤᠷᠭᠠᠭᠤᠯᠢ ᠶᠢᠨ ᠱᠠᠩ ᠵᠠᠨ ᠬᠤᠸᠠᠨ ᠫᠷᠤᠹᠧᠰᠰᠤᠷ᠂ ᠥᠪᠥᠷ ᠮᠣᠩᠭᠤᠯ ᠤᠨ | ᠦᠨᠳᠦᠰᠦᠲᠡᠨ ᠤ ᠶᠡᠭᠡ ᠰᠤᠷᠭᠠᠭᠤᠯᠢ ᠶᠢᠨ ᠵᠧᠦ ᠯᠢ ᠶᠧ᠂ ᠵᠠᠩ ᠱᠤ᠋ ᠶᠠᠨ ᠫᠷᠤᠹᠧᠰᠰᠤᠷ ᠵᠢᠴᠢ ᠰᠢᠨᠵᠢᠯᠡᠭᠡ | ᠮᠡᠷᠭᠡᠵᠢᠯ ᠤᠨ ᠪᠠᠭ᠎ᠠ ᠬᠦᠷᠢᠶᠡᠯᠡᠩ ᠤᠨ ᠰᠤᠳᠤᠯᠬᠤ ᠰᠣᠷᠣᠭᠴᠢ ᠶᠢ ᠪᠠᠭᠲᠠᠭᠠᠭᠰᠠᠨ 12 ᠲᠤᠰᠬᠠᠢ ᠮᠡᠷᠭᠡᠵᠢᠯᠲᠡᠨ | ᠴᠢᠳᠠᠪᠤᠷᠢᠲᠠᠨ ᠢ ᠤᠶᠠᠨ ᠢᠶᠠᠷ ᠣᠷᠣᠭᠤᠯᠤᠨ ᠠᠪᠴᠢᠷᠠᠪᠠ᠃ ᠰᠢᠨᠵᠢᠯᠡᠭᠡ ᠮᠡᠷᠭᠡᠵᠢᠯ ᠤᠨ ᠪᠠᠭ᠎ᠠ ᠬᠦᠷᠢᠶᠡᠯᠡᠩ ᠤᠨ | ᠬᠢᠨ ᠡᠷᠳᠡᠮ ᠰᠢᠨᠵᠢᠯᠡᠭᠡᠨ ᠤ ᠰᠣᠯᠢᠯᠴᠠᠭ᠎ᠠ ᠬᠢᠬᠦ ᠰᠤᠳᠤᠯᠤᠨ ᠶᠠᠷᠢᠯᠴᠠᠬᠤ ᠪᠠ ᠰᠢᠨᠵᠢᠯᠡᠭᠡ ᠮᠡᠷᠭᠡᠵᠢᠯ ᠢ | ᠲᠦᠭᠡᠮᠡᠯᠵᠢᠭᠦᠯᠦᠨ ᠳᠡᠯᠭᠡᠷᠡᠭᠦᠯᠬᠦ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠵᠤ᠂ ᠣᠷᠣᠯᠴᠠᠵᠤ᠂ ᠥᠷᠨᠢᠭᠦᠯᠵᠦ | ᠂ ᠨᠡᠩ ᠤᠯᠠᠨ ᠰᠢᠯᠢᠳᠡᠭ ᠴᠢᠳᠠᠪᠤᠷᠢᠲᠠᠨ ᠢ ᠲᠠᠲᠠᠵᠤ ᠪᠠᠶᠢᠭᠠᠳ ᠵᠠᠷᠤᠳ ᠳᠤ ᠴᠤᠭᠯᠠᠷᠠᠭᠤᠯᠵᠤ᠂ ᠵᠠᠷᠤᠳ | ᠬᠤᠰᠢᠭᠤᠨ ᠤ ᠦᠬᠡᠷ ᠤᠨ ᠠᠵᠤ ᠦᠢᠯᠡᠰ᠂ ᠬᠤᠨᠢᠨ ᠤ ᠠᠵᠤ ᠦᠢᠯᠡᠰ ᠤᠨ ᠬᠥᠭᠵᠢᠯᠲᠡ ᠳᠤ ᠬᠦᠴᠦᠷᠬᠡᠭ ᠶᠡᠭᠡ | ᠮᠡᠷᠭᠡᠵᠢᠯ ᠤᠨ ᠲᠤᠯᠭᠠᠭᠤᠷᠢᠯᠠᠯ ᠬᠠᠩᠭᠠᠵᠤ᠂ ᠵᠠᠷᠤᠳ ᠬᠤᠰᠢᠭᠤᠨ ᠤ ᠬᠥᠳᠡᠭᠡ ᠲᠣᠰᠬᠤᠨ ᠤ ᠠᠵᠤ ᠦᠢᠯᠡᠰ ᠢ | ᠬᠥᠭᠵᠢᠭᠦᠯᠦᠨ ᠮᠠᠨᠳᠤᠭᠤᠯᠬᠤ ᠪᠠ ᠠᠮᠢ ᠠᠬᠤᠢ ᠶᠢ ᠲᠡᠷᠢᠭᠦᠨ ᠳᠤ ᠲᠠᠯᠪᠢᠬᠤ ᠪᠣᠬᠢᠷᠳᠤᠯ ᠦᠭᠡᠢ ᠬᠥᠭᠵᠢᠯᠲᠡ ᠳᠤ | ᠬᠦᠴᠦ ᠨᠡᠮᠡᠷᠢᠯᠡᠬᠦ ᠪᠤᠯᠤᠨ᠎ᠠ᠃ |