| ᠣᠶᠢᠷ᠎ᠠ ᠶᠢᠨ ᠵᠢᠯ ᠠᠴᠠ᠂ ᠵᠠᠷᠤᠳ ᠬᠤᠰᠢᠭᠤᠨ ᠤ ᠬᠢᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠡᠯᠪᠡᠭ | ᠳᠡᠯᠪᠡᠭ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ︽ᠰᠣᠶᠣᠯ ᠢᠶᠠᠷ ᠬᠥᠲᠥᠯᠥᠨ ᠳᠠᠭᠠᠭᠤᠯᠬᠤ᠂ ᠲᠦᠷᠦᠯ | ᠵᠦᠢᠯ ᠢᠶᠠᠷ ᠳᠠᠶᠢᠴᠢᠯᠠᠬᠤ᠂ ᠠᠭᠤᠰᠤᠯᠴᠠᠨ ᠨᠡᠪᠲᠡᠷᠡᠯᠴᠡᠬᠦ︾ ᠬᠥᠭᠵᠢᠯᠲᠡ ᠶᠢᠨ ᠰᠡᠳᠬᠢᠴᠡ ᠪᠠᠷ᠂ ᠰᠣᠶᠣᠯ | ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠪᠣᠯᠣᠨ ᠰᠣᠶᠣᠯ ᠵᠢᠭᠤᠯᠴᠢᠯᠠᠯ ᠤᠨ | ᠲᠦᠷᠦᠯ ᠵᠦᠢᠯ ᠢ ᠲᠡᠰ ᠳᠡᠪᠰᠢᠭᠦᠯᠦᠨ ᠳᠡᠯᠭᠡᠷᠡᠭᠦᠯᠬᠦ ᠵᠡᠷᠭᠡ ᠲᠠᠯ᠎ᠠ ᠪᠠᠷ ᠠᠩᠬᠠᠷᠤᠯ ᠲᠥᠪᠯᠡᠷᠡᠭᠦᠯᠵᠦ᠂ ᠰᠣᠶᠣᠯ | ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠤᠯᠠᠨ ᠲᠠᠯ᠎ᠠ ᠪᠠᠷ | ᠪᠢᠴᠢᠭᠯᠡᠪᠡ᠃ | | | | ᠳᠡᠭᠡᠳᠦ ᠳᠠᠪᠬᠤᠷᠭ᠎ᠠ ᠶᠢᠨ ᠲᠥᠰᠦᠪ ᠲᠥᠯᠥᠪᠯᠡᠭᠡ ᠬᠢᠬᠦ ᠪᠠᠨ ᠴᠢᠩᠭᠠᠳᠬᠠᠵᠤ᠂ ᠲᠥᠷᠥᠯ ᠵᠦᠢᠯ ᠢᠶᠠᠷ | ᠳᠠᠶᠢᠴᠢᠯᠠᠬᠤ ᠶᠢ ᠳᠣᠪᠣᠶᠢᠯᠭᠠᠪᠠ᠃ ᠪᠦᠬᠦ ᠬᠤᠰᠢᠭᠤ ︽ᠨᠢᠭᠡ ᠬᠥᠯᠭᠡ ᠰᠢᠲᠠᠷ᠎ᠠ︾ ᠶᠢᠨ ᠵᠠᠷᠴᠢᠮ ᠢ ᠪᠠᠷᠢᠮᠲᠠᠯᠠᠵᠤ᠂ | ᠪᠦᠬᠦ ᠬᠤᠰᠢᠭᠤᠨ ᠤ ᠠᠵᠤ ᠠᠬᠤᠢ ᠶᠢᠨ ᠬᠥᠭᠵᠢᠯᠲᠡ ᠶᠢᠨ ᠪᠠᠶᠢᠷᠢᠰᠢᠯ᠂ ᠬᠤᠲᠠ ᠬᠥᠳᠡᠭᠡ ᠶᠢᠨ ᠰᠢᠰᠲ᠋ᠧᠮ ᠤᠨ | ᠪᠠᠶᠢᠷᠢᠰᠢᠯ ᠪᠠ ᠵᠠᠮ ᠬᠠᠷᠢᠯᠴᠠᠭᠠᠨ ᠤ ᠰᠢᠰᠲ᠋ᠧᠮ ᠤᠨ ᠪᠠᠶᠢᠭᠤᠯᠤᠯᠲᠠ ᠳᠤ ᠲᠦᠰᠢᠭᠯᠡᠨ᠂ ᠲᠦᠩᠯᠢᠶᠣᠣ ᠬᠤᠲᠠ ᠶᠢᠨ | 500 ᠺᠢᠯᠣᠮᠧᠲᠷ ᠤᠨ ᠦᠵᠡᠮᠵᠢ ᠶᠢᠨ ᠳᠠᠷᠳᠠᠩ ᠵᠠᠮ ᠤᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ | ᠯᠦᠪᠸᠢ ᠪᠠᠯᠭᠠᠰᠤ ᠪᠠᠷ ᠭᠤᠣᠯ ᠪᠣᠯᠭᠠᠭᠰᠠᠨ᠂ ᠵᠠᠷᠤᠳ ᠬᠤᠰᠢᠭᠤᠨ ᠤ ᠪᠠᠯᠠᠷ ᠡᠷᠲᠡᠨ ᠤ ᠪᠣᠯᠪᠠᠰᠤᠨ᠂ ᠯᠢᠶᠦᠦ | ᠤᠯᠤᠰ ᠤᠨ ᠰᠣᠶᠣᠯ᠂ ᠦᠨᠳᠦᠰᠦᠲᠡᠨ ᠤ ᠰᠣᠶᠣᠯ᠂ ᠬᠤᠪᠢᠰᠬᠠᠯ ᠤᠨ ᠰᠣᠶᠣᠯ ᠢᠶᠠᠷ ᠭᠤᠣᠯ ᠴᠣᠭᠴᠠ ᠪᠣᠯᠭᠠᠭᠰᠠᠨ | ᠳᠥᠷᠪᠡᠨ ᠰᠣᠶᠣᠯ ᠤᠨ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠣᠷᠣᠨ ᠢ ︽ᠨᠢᠭᠡ ᠲᠡᠩᠭᠡᠯᠢᠭ ᠢᠶᠠᠷ | ᠬᠤᠯᠪᠣᠭᠠᠯᠠᠬᠤ᠂ ᠬᠤᠶᠠᠷ ᠵᠢᠭᠦᠷ ᠢᠶᠠᠨ ᠤᠷᠲᠤᠳᠬᠠᠬᠤ᠂ ᠨᠢᠭᠡ ᠲᠥᠪ ᠢᠶᠠᠷ ᠬᠥᠲᠥᠯᠥᠨ ᠳᠠᠭᠠᠭᠤᠯᠬᠤ᠂ ᠳᠥᠷᠪᠡᠨ | ᠣᠷᠣᠨ ᠬᠠᠮᠲᠤᠷᠠᠨ ᠬᠦᠳᠡᠯᠦᠯᠴᠡᠭᠰᠡᠨ︾ ᠵᠢᠭᠤᠯᠴᠢᠯᠠᠯ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠰᠦᠪᠡᠭᠴᠢᠯᠡᠨ | ᠪᠦᠷᠢᠯᠳᠦᠭᠦᠯᠪᠡ᠃ ᠲᠥᠷᠥᠯ ᠵᠦᠢᠯ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠰᠣᠶᠣᠯ ᠵᠢᠭᠤᠯᠴᠢᠯᠠᠯ ᠤᠨ ᠠᠵᠤ | ᠦᠢᠯᠡᠰ ᠤᠨ ᠬᠥᠭᠵᠢᠯᠲᠡ ᠶᠢᠨ ᠬᠠᠷᠠᠯᠲᠠ᠂ ᠴᠢᠭᠯᠡᠯ ᠤᠨ ᠲᠣᠭᠤᠷᠢᠨ ᠳᠤ ᠣᠨᠣᠴᠠᠲᠠᠢ ᠪᠠᠶᠢᠷᠢ ᠲᠣᠭᠲᠠᠭᠠᠯᠲᠠ ᠬᠢᠵᠦ᠂ | ᠨᠢᠭᠡ ᠪᠦᠯᠦᠭ ᠭᠤᠣᠯᠳᠠᠯᠭ᠎ᠠ ᠲᠠᠢ ᠰᠣᠶᠣᠯ ᠵᠢᠭᠤᠯᠴᠢᠯᠠᠯ ᠤᠨ ᠲᠥᠷᠥᠯ ᠵᠦᠢᠯ ᠢ ᠰᠦᠪᠡᠭᠴᠢᠯᠡᠨ ᠲᠥᠯᠥᠪᠯᠡᠵᠦ᠂ | ᠪᠦᠲᠦᠭᠡᠨ ᠪᠠᠶᠢᠭᠤᠯᠵᠤ᠂ ᠨᠥᠭᠡᠴᠡᠯᠡᠨ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠦᠷᠭᠦᠯᠵᠢᠯᠡᠨ ᠬᠥᠭᠵᠢᠬᠦ | ᠰᠠᠭᠤᠷᠢ ᠶᠢ ᠪᠥᠬᠦ ᠲᠠᠯ᠎ᠠ ᠪᠠᠷ ᠪᠠᠬᠢᠵᠢᠭᠦᠯᠵᠦ᠂ ᠣᠲᠣ ᠨᠢᠭᠡᠨᠲᠡ ᠡᠭᠦᠨ ᠳᠤ ᠠᠷᠤ ᠬᠥᠨᠳᠡᠯᠡᠨ ᠵᠠᠭᠤᠨ ᠲᠦᠮᠡᠨ | ᠮᠦ ᠶᠢᠨ ᠲᠠᠯ᠎ᠠ ᠨᠤᠲᠤᠭ ᠤᠨ ᠵᠢᠭᠤᠯᠴᠢᠯᠠᠯ ᠤᠨ ᠨᠡᠭᠡᠭᠡᠨ ᠬᠥᠭᠵᠢᠭᠦᠯᠬᠦ ᠲᠥᠷᠥᠯ ᠵᠦᠢᠯ᠂ ᠡᠮᠦᠨᠡᠲᠦ ᠪᠤᠯᠠᠭ ᠤᠨ | ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠤᠨ ᠨᠡᠭᠡᠭᠡᠨ ᠬᠥᠭᠵᠢᠭᠦᠯᠬᠦ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠢ ᠵᠢᠭᠰᠠᠭᠠᠨ ᠣᠷᠣᠭᠤᠯᠪᠠ᠃ ᠡᠭᠦᠨ ᠤ ᠰᠠᠭᠤᠷᠢᠨ ᠳᠡᠭᠡᠷ᠎ᠡ᠂ ᠬᠤᠳᠠᠯᠳᠤᠭᠠᠴᠢᠨ ᠤᠷᠢᠵᠤ ᠪᠡᠯᠡ | ᠲᠠᠲᠠᠬᠤ ᠡᠷᠴᠢᠮ ᠪᠣᠯᠣᠨ ᠪᠡᠯᠡ ᠣᠷᠣᠭᠤᠯᠬᠤ ᠡᠷᠴᠢᠮ ᠢᠶᠠᠨ ᠲᠠᠰᠤᠷᠠᠯᠳᠠ ᠦᠭᠡᠢ ᠨᠡᠮᠡᠭᠳᠡᠭᠦᠯᠵᠦ᠂ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠪᠠᠨ ᠲᠦᠷᠭᠡᠳᠬᠡᠨ᠂ ᠡᠳᠦᠭᠡ ᠨᠢᠭᠡᠨᠲᠡ ᠢᠦᠢ ᠴᠢᠤᠸᠠᠨ | ᠱᠠᠨ ᠤ ᠵᠢᠭᠤᠯᠴᠢᠯᠠᠯ ᠤᠨ ᠣᠷᠣᠨ ᠶᠢ ᠨᠡᠭᠡᠭᠡᠨ ᠬᠥᠭᠵᠢᠭᠦᠯᠬᠦ ᠲᠥᠷᠥᠯ ᠵᠦᠢᠯ ᠢ ᠣᠷᠣᠭᠤᠯᠤᠨ ᠠᠪᠴᠢᠷᠠᠵᠤ᠂ | ᠡᠮᠦᠨ᠎ᠡ ᠪᠤᠯᠠᠭᠳᠤ ᠭᠠᠴᠠᠭ᠎ᠠ ᠵᠡᠷᠭᠡ 3 ᠵᠢᠭᠤᠯᠴᠢᠯᠠᠯ ᠤᠨ ᠵᠢᠵᠢᠭ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠪᠣᠯᠣᠨ | ᠠᠷᠣ ᠭᠠᠵᠠᠷ` ᠤᠨ ᠬᠤᠪᠢᠯᠭᠠᠨ ᠷᠠᠰᠢᠶᠠᠨ ᠤ ᠦᠪᠡᠷ ᠢᠶᠠᠨ ᠲᠡᠷᠭᠡ ᠪᠠᠷᠢᠵᠤ ᠵᠢᠭᠤᠴᠠᠭᠠᠬᠤ ᠬᠡᠭᠡᠷ᠎ᠡ ᠶᠢᠨ ᠪᠠᠭᠤᠴᠠ | ᠵᠡᠷᠭᠡ 2 ᠦᠪᠡᠷ ᠢᠶᠠᠨ ᠲᠡᠷᠭᠡ ᠪᠠᠷᠢᠵᠤ ᠵᠢᠭᠤᠴᠠᠭᠠᠬᠤ ᠬᠡᠭᠡᠷ᠎ᠡ ᠶᠢᠨ ᠪᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠢ ᠪᠡᠶᠡᠯᠡᠭᠦᠯᠪᠡ᠃ | | | | ᠬᠥᠭᠵᠢᠯᠲᠡ ᠶᠢᠨ ᠵᠠᠭᠪᠤᠷ ᠢᠶᠠᠨ ᠲᠡᠭᠦᠯᠳᠡᠷᠵᠢᠭᠦᠯᠵᠦ᠂ ᠦᠢᠯᠡᠳᠬᠦᠨ ᠤ ᠲᠡᠰ ᠳᠡᠪᠰᠢᠬᠦ ᠶᠢ ᠪᠡᠶᠡᠯᠡᠭᠦᠯᠪᠡ᠃ | ᠰᠣᠶᠣᠯ ᠵᠢᠭᠤᠯᠴᠢᠯᠠᠯ ᠤᠨ ᠠᠵᠢᠯ ᠲᠥᠷᠥᠯ ᠤᠨ ᠶᠡᠷᠦᠩᠬᠡᠢ ᠪᠠᠶᠢᠳᠠᠯ ᠢ ᠬᠦᠴᠦᠯᠡᠨ ᠡᠵᠡᠮᠳᠡᠵᠦ᠂ ︽ᠪᠠᠭ᠎ᠠ ᠪᠡᠯᠡ | ᠣᠷᠣᠭᠤᠯᠵᠤ ᠪᠠᠭ᠎ᠠ ᠪᠠᠶᠢᠭᠤᠯᠬᠤ︾ ᠪᠠᠷ ᠨᠡᠭᠡᠭᠡᠨ ᠬᠥᠭᠵᠢᠭᠦᠯᠬᠦ ᠣᠶᠢᠯᠠᠭᠠᠭᠳᠠᠬᠤᠨ ᠪᠣᠯᠭᠠᠵᠤ᠂ ᠤᠯᠠᠮᠵᠢᠯᠠᠯᠲᠤ | ᠵᠢᠭᠤᠯᠴᠢᠯᠠᠯ ᠤᠨ ᠦᠢᠯᠡᠳᠬᠦᠨ ᠤ ᠰᠢᠰᠲ᠋ᠧᠮ ᠢᠶᠠᠷ ᠤᠳᠤᠷᠢᠳᠤᠮᠵᠢ ᠪᠣᠯᠭᠠᠵᠤ ᠪᠠᠶᠢᠭᠰᠠᠨ ᠠᠴᠠ ᠪᠠᠨ ︽ | ᠵᠢᠭᠤᠯᠴᠢᠯᠠᠯ + ᠰᠡᠯᠡᠭᠦᠴᠡᠯ ᠠᠮᠠᠷᠠᠬᠤ + ᠰᠣᠶᠣᠯ ᠤᠨ ᠣᠶᠢᠯᠠᠭᠠᠯᠲᠠ︾ ᠪᠠᠷ ᠤᠳᠤᠷᠢᠳᠤᠮᠵᠢ ᠪᠣᠯᠭᠠᠭᠰᠠᠨ ᠬᠠᠮ | ᠬᠡᠯᠪᠡᠷᠢ ᠶᠢᠨ ᠵᠢᠭᠤᠯᠴᠢᠯᠠᠯ ᠤᠨ ᠦᠢᠯᠡᠳᠬᠦᠨ ᠤ ᠰᠢᠰᠲ᠋ᠧᠮ ᠲᠡᠰᠢ ᠲᠠᠰ ᠳᠡᠪᠰᠢᠬᠦ ᠶᠢ ᠪᠡᠶᠡᠯᠡᠭᠦᠯᠪᠡ᠃ ᠥᠪᠡᠷᠮᠢᠴᠡ᠂ | ᠵᠦᠷᠢᠶᠡᠴᠢᠯᠡᠭᠰᠡᠨ᠂ ᠣᠯᠠᠨ ᠡᠰᠢᠴᠢᠯᠡᠭᠰᠡᠨ ᠦᠢᠯᠡᠳᠬᠦᠨ ᠢ ᠡᠭᠦᠳᠬᠦ ᠪᠠᠷ ᠬᠠᠷᠠᠯᠲᠠ ᠪᠣᠯᠭᠠᠬᠤ ᠳᠡᠭᠡᠷ᠎ᠡ | ᠠᠩᠬᠠᠷᠤᠯ ᠢᠶᠠᠨ ᠲᠥᠪᠯᠡᠷᠡᠭᠦᠯᠵᠦ᠂ ᠮᠠᠯᠴᠢᠨ ᠲᠠᠷᠢᠶᠠᠴᠢᠨ ᠤ ᠰᠣᠶᠣᠯ᠂ ᠵᠠᠷᠣᠳ ᠦᠨᠳᠦᠰᠦᠲᠡᠨ ᠤ ᠵᠠᠩ ᠦᠶᠯᠡ | ᠰᠣᠶᠣᠯ ᠵᠠᠩᠰᠢᠯ ᠵᠡᠷᠭᠡ ᠣᠨᠴᠠᠯᠢᠭᠲᠤ ᠭᠠᠵᠠᠷ ᠣᠷᠣᠨ ᠤ ᠰᠣᠶᠣᠯ ᠤᠨ ᠡᠬᠢ ᠪᠠᠶᠠᠯᠢᠭ ᠢ ᠪᠠᠶᠢᠭᠠᠯᠢ ᠶᠢᠨ ᠠᠮᠢ | ᠠᠬᠤᠢ ᠶᠢᠨ ᠡᠬᠢ ᠪᠠᠶᠠᠯᠢᠭ ᠯᠤᠭ᠎ᠠ ᠬᠤᠯᠪᠣᠭᠠᠯᠠᠭᠤᠯᠤᠨ ᠤᠶᠠᠯᠳᠤᠭᠤᠯᠵᠤ᠂ ᠪᠠᠷᠲᠠᠭ᠎ᠠ ᠬᠠᠶᠢᠵᠤ ᠪᠠᠶᠢᠭᠠᠯᠢ ᠶᠢ | ᠣᠶᠢᠯᠠᠭᠠᠬᠤ᠂ ᠣᠶᠢᠳᠬᠠᠷᠲᠠᠢ ᠭᠠᠭᠴᠠᠭᠠᠷᠳᠠᠭᠰᠠᠳ ᠤᠨ ᠵᠢᠭᠤᠯᠴᠢᠯᠠᠯ ᠤᠨ ᠲᠥᠷᠥᠯ ᠵᠦᠢᠯ᠂ ᠮᠠᠯᠴᠢᠳ ᠢ | ᠪᠡᠶ᠎ᠡ ᠪᠠᠷ ᠢᠶᠠᠨ ᠣᠶᠢᠯᠠᠭᠠᠬᠤ ᠲᠥᠷᠥᠯ ᠵᠦᠢᠯ᠂ ᠢᠦᠢ ᠴᠢᠤᠸᠠᠨ ᠱᠠᠨ ᠠᠭᠤᠯᠠᠨ ᠤ ᠣᠶᠠᠭᠠᠴᠢᠨ ᠵᠢᠵᠢᠭ | ᠪᠠᠯᠭᠠᠰᠤᠨ ᠤ ᠠᠳᠤᠭᠤ ᠰᠤᠷᠭᠠᠬᠤ ᠲᠥᠷᠥᠯ ᠵᠦᠢᠯ ᠵᠡᠷᠭᠡ ᠵᠢᠭᠤᠯᠴᠢᠯᠠᠯ ᠤᠨ ᠪᠦᠲᠦᠭᠡᠭᠳᠡᠬᠦᠨ ᠢ ᠰᠦᠪᠡᠭᠴᠢᠯᠡᠨ | ᠨᠡᠭᠡᠭᠡᠨ ᠬᠥᠭᠵᠢᠭᠦᠯᠵᠦ᠂ ᠡᠬᠢ ᠪᠠᠶᠠᠯᠢᠭ ᠤᠨ ᠪᠦᠬᠦᠯᠢ ᠴᠣᠭᠴᠠ ᠶᠢᠨ ᠦᠢᠯᠡᠳᠦᠯ ᠴᠢᠳᠠᠪᠤᠷᠢ ᠶᠢ ᠬᠠᠮᠤᠭ ᠤᠨ ᠶᠡᠭᠡ | ᠬᠡᠮᠵᠢᠶ᠎ᠡ ᠪᠠᠷ ᠪᠠᠳᠠᠷᠠᠭᠤᠯᠪᠠ᠃ ᠬᠤᠳᠠᠯᠳᠤᠭᠠᠴᠢᠯᠠᠭᠰᠠᠨ ᠬᠡᠪ ᠵᠠᠭᠪᠤᠷ᠂ ᠠᠵᠤ ᠠᠬᠤᠶᠢᠯᠠᠯᠴᠢᠯᠠᠭᠰᠠᠨ | ᠡᠵᠡᠩᠨᠡᠯᠲᠡ ᠶᠢᠨ ᠣᠶᠢᠯᠠᠭᠠᠭᠳᠠᠬᠤᠨ ᠶᠣᠰᠣᠭᠠᠷ᠂ ᠴᠢᠨᠠᠷ ᠰᠠᠶᠢᠲᠠᠢ ᠦᠢᠯᠡᠳᠬᠦᠨ ᠤ ᠬᠠᠩᠭᠠᠯᠭ᠎ᠠ ᠶᠢ ᠲᠠᠰᠤᠷᠠᠯᠲᠠ | ᠦᠭᠡᠢ ᠴᠢᠩᠭᠠᠷᠠᠭᠤᠯᠵᠤ᠂ ᠥᠯᠢᠭᠡᠷ᠂ ᠬᠤᠯᠪᠣᠭ᠎ᠠ᠂ ᠪᠠᠷ ᠵᠢᠷᠤᠭ ᠵᠡᠷᠭᠡ ᠪᠣᠳᠠᠰ ᠤᠨ ᠪᠤᠰᠤ ᠰᠣᠶᠣᠯ ᠤᠨ ᠥᠪ ᠲᠠᠢ | ᠭᠦᠨᠵᠡᠭᠡᠢ ᠠᠭᠤᠰᠤᠯᠴᠠᠭᠤᠯᠤᠨ᠂ ᠨᠠᠩ ᠣᠯᠠᠨ ᠣᠶᠢᠯᠠᠭᠠᠬᠤ ᠴᠢᠨᠠᠷᠲᠠᠢ᠂ ᠣᠷᠤᠯᠴᠠᠬᠤ ᠴᠢᠨᠠᠷᠲᠠᠢ᠂ ᠬᠠᠷᠢᠯᠴᠠᠨ | ᠬᠥᠳᠡᠯᠦᠯᠴᠡᠬᠦ ᠴᠢᠨᠠᠷ ᠢᠶᠠᠷ ᠴᠢᠩᠭ᠎ᠠ ᠦᠢᠯᠡᠳᠬᠦᠨ ᠢ ᠶᠡᠬᠡᠪᠡᠷ ᠨᠡᠭᠡᠭᠡᠨ ᠬᠥᠭᠵᠢᠭᠦᠯᠵᠦ᠂ ᠠᠶᠠᠨᠴᠢᠳ ᠤᠨ | ᠵᠢᠭᠤᠯᠴᠢᠯᠠᠯ ᠤᠨ ᠥᠩᠭᠡᠷᠡᠭᠡᠯᠲᠡ ᠶᠢ ᠪᠠᠶᠠᠯᠢᠭᠵᠢᠭᠤᠯᠪᠠ᠃ ᠰᠢᠶᠠᠩᠱᠠᠨ ᠲᠠᠷᠢᠶᠠᠯᠠᠩ ᠤᠨ ᠲᠠᠯᠠᠪᠠᠢ ᠶᠢᠨ ᠮᠠᠤ ᠽᠧ | ᠳ᠋ᠦᠩ ᠤᠨ ᠬᠦᠷᠦᠭ ᠢ ᠨᠠᠨᠳᠢᠩᠨᠠᠨ ᠬᠠᠳᠠᠭᠠᠯᠠᠬᠤ ᠤᠷᠳᠤᠨ᠂ ᠵᠢᠷᠦᠬᠡ ᠪᠠᠯᠭᠠᠰᠤ ᠶᠢᠨ ᠨᠠᠮ ᠤᠨ ᠲᠤᠭ ᠤᠨ ᠬᠡᠷᠡᠮ᠂ | ᠭᠠᠳᠠᠰᠤ ᠶᠢᠨ ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ ᠵᠡᠷᠭᠡ ᠨᠤᠲᠤᠭ ᠤᠨ ᠬᠤᠪᠢᠰᠬᠠᠯ ᠤᠨ ᠡᠬᠢ | ᠪᠠᠶᠠᠯᠢᠭ ᠢ ᠠᠭᠤᠳᠠᠯᠤᠨ ᠠᠰᠢᠭᠯᠠᠵᠤ᠂ ᠣᠯᠠᠭᠠᠨ ᠰᠣᠩᠭᠤᠳᠠᠭ ᠦᠵᠡᠮᠵᠢ ᠶᠢᠨ ᠣᠷᠣᠨ ᠢ ᠪᠠᠶᠢᠭᠤᠯᠬᠤ ᠪᠠ ᠰᠣᠳᠣᠨ | ᠵᠢᠭᠤᠯᠴᠢᠯᠠᠯ ᠤᠨ ᠵᠠᠮ ᠱᠤᠭᠤᠮ ᠢ ᠪᠣᠶᠢᠵᠢᠭᠤᠯᠬᠤ ᠶᠢ ᠰᠦᠪᠡᠭᠴᠢᠯᠡᠵᠦ᠂ ᠣᠯᠠᠭᠠᠨ ᠵᠢᠭᠤᠯᠴᠢᠯᠠᠯ ᠤᠨ | ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠵᠦ ᠲᠡᠰ ᠲᠡᠪᠰᠢᠬᠦ ᠶᠢ ᠠᠬᠢᠭᠤᠯᠪᠠ᠃ | | | | ᠲᠠᠨᠢᠯᠴᠠᠭᠤᠯᠬᠤ ᠠᠷᠭ᠎ᠠ ᠪᠠᠷᠢᠯ ᠢᠶᠠᠨ ᠪᠠᠶᠠᠯᠢᠭᠵᠢᠭᠤᠯᠵᠤ᠂ ᠬᠤᠲᠠ ᠶᠢᠨ ᠳᠦᠷᠢ ᠲᠥᠷᠬᠦ ᠶᠢ ᠳᠡᠭᠡᠭᠰᠢᠯᠡᠭᠦᠯᠪᠡ᠃ | ᠠᠵᠢᠯᠯᠠᠭ᠎ᠠ ᠡᠷᠭᠢᠯᠡᠬᠦ᠂ ᠨᠠᠷᠠᠲᠤ ᠲᠡᠮᠳᠡᠭ ᠭᠠᠷᠭᠠᠬᠤ᠂ ᠰᠢᠨ᠎ᠡ ᠪᠦᠲᠦᠭᠡᠭᠳᠡᠬᠦᠨ ᠡᠭᠦᠳᠬᠦ ᠢᠶᠠᠷ ᠳᠠᠮᠵᠢᠨ᠂ | ᠤᠬᠠᠭᠤᠯᠤᠨ ᠲᠠᠨᠢᠯᠴᠠᠭᠤᠯᠬᠤ ᠪᠠᠨ ᠲᠠᠰᠤᠷᠠᠯᠲᠠ ᠦᠭᠡᠢ ᠴᠢᠩᠭᠠᠳᠬᠠᠵᠤ᠂ ᠵᠠᠷᠣᠳ ᠤᠨ ᠰᠣᠶᠣᠯ ᠵᠢᠭᠤᠯᠴᠢᠯᠠᠯ ᠤᠨ | ᠨᠠᠷᠠᠲᠤ ᠲᠡᠮᠳᠡᠭᠲᠦ ᠶᠢᠨ ᠠᠭᠤᠯᠤᠭᠳᠠᠬᠤᠨ ᠪᠠ ᠣᠨᠴᠠᠯᠢᠭ ᠢ ᠭᠠᠳᠠᠭᠰᠢ ᠳᠡᠯᠭᠡᠨ ᠦᠵᠡᠭᠦᠯᠪᠡ᠃ ᠠᠽᠢᠶ᠎ᠠ ᠲᠢᠪ ᠤᠨ | ᠪᠠᠬ᠎ᠠ ᠮᠠᠰᠢᠨ ᠲᠡᠷᠭᠡᠨ ᠤ ᠬᠡᠭᠡᠷ᠎ᠡ ᠶᠢᠨ ᠤᠷᠤᠯᠳᠤᠭᠠᠨ᠂ ᠦᠯᠢᠭᠡᠷ ᠤᠷᠠᠯᠢᠭ ᠤᠨ ᠨᠠᠶᠢᠷ᠂ ᠲᠠᠯ᠎ᠠ ᠨᠤᠲᠤᠭ ᠤᠨ | ᠨᠠᠭᠠᠳᠤᠮ᠂ ᠲᠠᠯ᠎ᠠ ᠨᠤᠲᠤᠭ ᠤᠨ ᠬᠤᠷᠢᠮ ᠤᠨ ᠶᠣᠰᠣᠯᠠᠯ ᠵᠡᠷᠭᠡ ᠨᠢᠭᠡ ᠪᠦᠯᠦᠭ ᠨᠥᠯᠥᠭᠡᠯᠡᠬᠦ ᠬᠦᠴᠦᠨ ᠲᠠᠢ ᠪᠠᠶᠠᠷ | ᠳᠤᠷᠠᠰᠬᠠᠯ ᠤᠨ ᠠᠵᠢᠯᠯᠠᠭ᠎ᠠ ᠶᠢ ᠶᠡᠬᠡᠪᠡᠷ ᠡᠷᠬᠢᠯᠡᠬᠦ ᠶᠢᠨ ᠬᠠᠮᠲᠤ ᠠᠵᠢᠯᠯᠠᠭ᠎ᠠ ᠶᠢ ᠤᠬᠢ ᠰᠢᠯᠢᠳᠡᠭᠴᠢᠯᠡᠬᠦ᠂ ᠲᠦᠷᠦᠯ | ᠲᠡᠮᠳᠡᠭᠵᠢᠭᠦᠯᠬᠦ ᠲᠡᠰᠢ ᠬᠥᠭᠵᠢᠭᠦᠯᠬᠦ ᠶᠢ ᠲᠠᠰᠤᠷᠠᠯᠲᠠ ᠦᠭᠡᠢ ᠠᠬᠢᠭᠤᠯᠪᠠ᠃ ᠵᠠᠷᠤᠳ ᠬᠤᠰᠢᠭᠤᠨ ᠤ ᠰᠣᠶᠣᠯ ᠤᠨ | ᠭᠧᠨ ᠪᠠ ᠣᠨᠴᠠᠯᠢᠭ ᠲᠤ ᠰᠠᠭᠤᠷᠢᠯᠠᠨ᠂ ᠬᠤᠲᠠ ᠶᠢᠨ ᠰᠣᠶᠣᠯ ᠤᠨ IP ᠪᠠ ᠬᠠᠶᠢᠷ᠎ᠠ ᠳᠤᠷᠠᠯᠠᠯ ᠤᠨ ᠪᠠᠶᠢᠷᠢᠰᠢᠯ ᠤᠨ | ᠴᠡᠭ ᠢ ᠰᠢᠨ᠎ᠡ ᠪᠠᠷ ᠡᠭᠦᠳᠦᠨ ᠪᠠᠶᠢᠭᠤᠯᠵᠤ᠂ ᠬᠤᠲᠠ ᠶᠢᠨ ᠢᠯᠭᠠᠨ ᠲᠠᠨᠢᠬᠤ ᠬᠡᠮᠵᠢᠶ᠎ᠡ ᠶᠢ ᠲᠠᠰᠤᠷᠠᠯᠲᠠ ᠦᠭᠡᠢ | ᠴᠢᠩᠭᠠᠷᠠᠭᠤᠯᠪᠠ᠃ ᠡᠭᠦᠨ ᠤ ᠵᠡᠷᠭᠡ ᠳᠤ ᠢᠨᠲ᠋ᠧᠷ ᠰᠦᠯᠵᠢᠶᠡᠨ ᠤ ᠲᠠᠪᠴᠠᠩ ᠤᠨ ᠳᠠᠪᠠᠭᠤᠯᠢᠭ ᠪᠠ ᠬᠡᠷᠡᠭᠯᠡᠭᠴᠢ ᠶᠢᠨ | ᠳᠠᠪᠠᠭᠤᠯᠢᠭ ᠢ ᠠᠰᠢᠭᠯᠠᠨ᠂ ︽ᠭᠦᠢᠯᠡᠰᠦᠨ︾ ᠴᠡᠴᠡᠭ ᠤᠨ ᠪᠣᠯᠵᠤᠭ᠎ᠠ ᠵᠠᠷᠤᠳ ᠤᠨ ᠬᠡᠭᠡᠷ᠎ᠡ ᠶᠢᠨ ᠭᠦᠢᠯᠡᠰᠦᠨ | ᠴᠡᠴᠡᠭ · ᠬᠤᠷᠴᠠ ᠤᠯᠠᠭᠠᠨ ᠴᠡᠴᠡᠭ ᠤᠨ ᠨᠠᠶᠢᠷ᠂ ᠳᠤᠮᠳᠠᠳᠤ ᠤᠯᠤᠰ ᠤᠨ ᠬᠠᠮᠤᠭ ᠤᠨ ᠭᠤᠶᠣ ᠠᠭᠤᠯᠠᠨ | ᠭᠠᠵᠠᠷ ᠤᠨ ᠲᠠᠯ᠎ᠠ ᠨᠤᠲᠤᠭ ︱ ᠵᠠᠷᠣᠳ ᠵᠡᠷᠭᠡ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ | ᠥᠷᠨᠢᠭᠦᠯᠵᠦ᠂ ᠳᠡᠭᠡᠳᠦ ᠱᠠᠲᠤᠨ ᠤ ᠵᠠᠭᠤᠴᠢᠯᠠᠭᠤᠷ ᠲᠠᠢ ᠢᠳᠡᠪᠬᠢᠲᠡᠢ ᠪᠠᠷ ᠵᠣᠯᠭᠠᠭᠤᠯᠤᠨ ᠳᠡᠯᠭᠡᠷᠡᠭᠦᠯᠵᠦ᠂ ᠵᠠᠷᠤᠳ | ᠬᠤᠰᠢᠭᠤᠨ ᠤ ᠮᠡᠳᠡᠷᠡᠮᠵᠢ ᠶᠢᠨ ᠬᠡᠮᠵᠢᠶ᠎ᠡ ᠪᠠ ᠠᠯᠳᠠᠷᠰᠢᠯ ᠤᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ | ︽ᠰᠢᠭᠤᠳ ᠨᠡᠪᠲᠡᠷᠡᠭᠦᠯᠭᠡ + ᠣᠬᠤᠷ ᠸᠢᠳᠢᠤ᠋ + ᠡᠯᠧᠺᠲᠷᠣᠨ ᠬᠤᠳᠠᠯᠳᠤᠭ᠎ᠠ︾ ᠶᠢᠨ ᠬᠡᠯᠪᠡᠷᠢ ᠶᠢ ᠰᠦᠪᠡᠭᠴᠢᠯᠡᠵᠦ | ᠂ ᠲᠣᠰ ᠭᠠᠵᠠᠷ ᠣᠷᠣᠨ ᠤ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠴᠢᠳᠠᠪᠤᠷᠢᠲᠠᠨ ᠲᠠᠢ | ᠬᠠᠮᠲᠤᠷᠠᠨ ᠠᠵᠢᠯᠯᠠᠵᠤ᠂ ᠵᠠᠷᠤᠳ ᠬᠤᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶ᠎ᠠ ᠶᠢᠨ ᠠᠯᠪᠠᠨ ᠤ ᠲᠠᠯ᠎ᠠ ᠶᠢᠨ | ᠲᠠᠩᠰᠠᠨ ᠨᠣᠮᠧᠷ᠂ ᠰᠦᠯᠵᠢᠶᠡᠨ ᠤ ᠨᠡᠷᠡᠲᠦ ᠬᠥᠮᠥᠨ ᠤ ᠲᠠᠩᠰᠠᠨ ᠨᠣᠮᠧᠷ ᠵᠡᠷᠭᠡ ᠶᠢ ᠠᠰᠢᠭᠯᠠᠨ ᠰᠣᠶᠣᠯ ᠪᠡᠶ᠎ᠡ | ᠲᠠᠮᠢᠷ ᠤᠨ ᠵᠢᠭᠤᠯᠴᠢᠯᠠᠯ ᠤᠨ ᠪᠦᠲᠦᠭᠡᠭᠳᠡᠬᠦᠨ ᠤ ᠤᠬᠠᠭᠤᠯᠭ᠎ᠠ ᠬᠢᠵᠦ᠂ ᠪᠦᠲᠦᠭᠡᠭᠳᠡᠬᠦᠨ ᠤ ᠣᠷᠣᠰᠴᠠ ᠶᠢᠨ | ᠨᠡᠮᠡᠭᠳᠡᠯ ᠪᠠ ᠪᠥᠬᠦ ᠬᠤᠰᠢᠭᠤᠨ ᠤ ᠠᠵᠤ ᠠᠬᠤᠢ ᠶᠢᠨ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠪᠠ᠃ ᠡᠨᠡ | ᠵᠢᠯ᠂ ᠪᠦᠭᠦ ᠬᠤᠰᠢᠭᠤᠨ ᠳᠤ ᠰᠣᠶᠣᠯ ᠵᠢᠭᠤᠯᠴᠢᠯᠠᠯ ᠤᠨ ᠴᠣᠭᠯᠠᠭᠠᠨ ᠠᠵᠢᠯᠯᠠᠭ᠎ᠠ 12 ᠤᠳᠠᠭ᠎ᠠ ᠥᠷᠨᠢᠭᠦᠯᠵᠦ᠂ | 30 ᠲᠦᠮᠡ ᠭᠠᠷᠤᠢ ᠬᠦᠮᠦᠰ ᠭᠥᠯᠢᠶᠡᠨ ᠠᠪᠣᠪᠠ᠃ | |