| ᠲᠠᠷᠢᠶᠠᠯᠠᠩ ᠤᠨ ᠪᠣᠬᠢᠷᠳᠤᠯ ᠦᠭᠡᠢ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠪᠠ ᠲᠠᠷᠢᠶᠠᠯᠠᠩ ᠤᠨ ᠭᠤᠣᠯ | ᠮᠡᠷᠭᠡᠵᠢᠯ ᠤ ᠵᠢᠱᠢᠶ᠎ᠡ ᠦᠵᠡᠭᠦᠯᠦᠨ ᠬᠡᠷᠡᠭᠯᠡᠬᠦ ᠶᠢ ᠳᠡᠯᠭᠡᠷᠡᠭᠦᠯᠬᠦ ᠶᠢᠨ ᠲᠥᠯᠥᠭᠡ᠂ ᠣᠶᠢᠷ᠎ᠠ ᠳᠤ᠂ ᠵᠠᠷᠤᠳ | ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠬᠢᠨ 2022 ᠣᠨ ᠤ ︽ᠴᠢᠨᠠᠷ ᠰᠠᠶᠢᠲᠠᠢ ᠠᠮᠤ | ᠪᠤᠳᠠᠭ᠎ᠠ ᠶᠢ ᠨᠡᠮᠡᠭᠳᠡᠭᠦᠯᠬᠦ᠂ ᠪᠣᠬᠢᠷᠳᠤᠯ ᠦᠭᠡᠢ ᠴᠢᠨᠠᠷ ᠰᠠᠶᠢᠨ ᠥᠨᠳᠥᠷ ᠦᠷ᠎ᠡ ᠠᠰᠢᠭ ᠲᠠᠢ᠂ ᠤᠰᠤ ᠠᠷᠪᠢᠯᠠᠨ | ᠠᠮᠤ ᠪᠤᠳᠠᠭ᠎ᠠ ᠨᠡᠮᠡᠭᠳᠡᠭᠦᠯᠬᠦ︾ ᠠᠬᠤᠢ ᠲᠠᠯᠠᠪᠠᠢ ᠶᠢᠨ ᠦᠵᠡᠭᠦᠯᠦᠯᠭᠡ ᠶᠢᠨ ᠬᠤᠷᠠᠯ ᠬᠢᠪᠡ᠃ ᠡᠯ᠎ᠡ ᠰᠤᠮᠤ ᠪᠠᠯᠭᠠᠰᠤ | ᠲᠠᠯᠠᠪᠠᠢ ᠶᠢᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ | ᠮᠡᠷᠭᠡᠵᠢᠯ ᠳᠡᠯᠭᠡᠷᠡᠭᠦᠯᠬᠦ ᠲᠥᠪ ᠤᠨ ᠠᠵᠢᠯᠲᠠᠨ ᠪᠣᠯᠣᠨ ᠲᠠᠷᠢᠮᠠᠯ ᠤᠨ ᠲᠣᠮᠣ ᠡᠷᠦᠬᠡ ᠨᠡᠶᠢᠳᠡ 50 ᠭᠠᠷᠤᠢ ᠬᠦᠮᠦᠰ | ᠦᠵᠡᠭᠦᠯᠦᠯᠭᠡ ᠶᠢᠨ ᠬᠤᠷᠠᠯ ᠳᠤ ᠣᠷᠣᠯᠴᠠᠪᠠ᠃ | | | | ᠦᠵᠡᠭᠦᠯᠦᠯᠭᠡ ᠶᠢᠨ ᠳᠤᠮᠳᠠ᠂ ᠬᠤᠷᠠᠯ ᠳᠤ ᠣᠷᠣᠯᠴᠠᠭᠰᠠᠳ ᠤᠷᠢᠳ ᠬᠤᠵᠢᠳ ᠦᠨᠡᠭᠡᠴᠢ ᠰᠤᠮᠤ ᠶᠢᠨ ᠬᠤᠸᠠ | ᠵᠢᠶᠧ ᠭᠠᠴᠠᠭ᠎ᠠ ᠶᠢᠨ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠠᠮᠤ ᠪᠤᠳᠠᠭ᠎ᠠ | ᠨᠡᠮᠡᠭᠳᠡᠭᠦᠯᠬᠦ ᠵᠢᠱᠢᠶ᠎ᠡ ᠦᠵᠡᠭᠦᠯᠬᠦ ᠠᠵᠢᠯᠯᠠᠭ᠎ᠠ ᠶᠢᠨ ᠵᠠᠷᠤᠳ ᠬᠤᠰᠢᠭᠤᠨ ᠤ ᠡᠷᠳᠡᠨᠢ ᠰᠢᠰᠢ ᠶᠢᠨ ᠵᠢᠱᠢᠶ᠎ᠡ ᠦᠵᠡᠭᠦᠯᠬᠦ | ᠣᠷᠣᠨ ᠪᠠ ︽ᠬᠠᠪᠤᠷ ᠤᠨ ᠲᠠᠷᠢᠶᠠᠨ ᠦᠷ᠎ᠡ ᠰᠣᠩᠭᠤᠬᠤ︾ ᠲᠠᠪᠴᠠᠩ ᠤᠨ ᠯᠦᠪᠧᠢ ᠪᠠᠯᠭᠠᠰᠤᠨ ᠤ ᠠᠮᠠᠰᠠᠷ | ᠭᠠᠴᠠᠭ᠎ᠠ ᠶᠢᠨ ᠰᠢᠷ᠎ᠠ ᠪᠤᠷᠴᠠᠭ ᠤᠨ ᠵᠢᠱᠢᠶ᠎ᠡ ᠦᠵᠡᠭᠦᠯᠬᠦ ᠣᠷᠣᠨ᠂ ᠦᠯᠵᠡᠶᠢᠮᠦ᠋ᠷᠡᠨ ᠰᠤᠮᠤ ᠶᠢᠨ ᠶᠠᠨ ᠲᠠᠢ ᠱᠠᠨ | ᠲᠣᠰᠬᠤᠨ ᠤ ᠲᠦᠩᠯᠢᠶᠣᠣ ᠬᠤᠲᠠ ᠶᠢᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠤᠨ ᠪᠣᠬᠢᠷᠳᠤᠯ ᠦᠭᠡᠢ | ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠠᠵᠢᠯᠯᠠᠭ᠎ᠠ ᠶᠢᠨ ᠵᠠᠷᠤᠳ ᠬᠤᠰᠢᠭᠤᠨ ᠤ ᠵᠢᠱᠢᠶ᠎ᠡ ᠦᠵᠡᠭᠦᠯᠬᠦ | ᠲᠣᠭᠤᠷᠢᠭ ᠵᠡᠷᠭᠡ ᠭᠠᠵᠠᠷ ᠲᠤ ᠬᠦᠷᠴᠦ ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠡ᠃ ᠡᠭᠦᠨ ᠤ ᠬᠠᠮᠲᠤ᠂ | ᠬᠤᠰᠢᠭᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠤᠨ ᠠᠵᠢᠯᠲᠠᠨ ᠪᠠᠰᠠ ᠬᠤᠷᠠᠯ ᠳᠤ | ᠣᠷᠣᠯᠴᠠᠭᠰᠠᠳ ᠲᠤ ᠵᠢᠱᠢᠶ᠎ᠡ ᠦᠵᠡᠭᠦᠯᠬᠦ ᠲᠣᠭᠤᠷᠢᠭ ᠤᠨ ᠦᠨᠳᠦᠰᠦᠨ ᠪᠠᠶᠢᠳᠠᠯ ᠪᠠ ︽ᠰᠢᠨ᠎ᠡ ᠦᠷ᠎ᠡ ᠶᠢᠨ | ᠲᠦᠷᠥᠯ᠂ ᠰᠢᠨ᠎ᠡ ᠮᠡᠷᠭᠡᠵᠢᠯ᠂ ᠣᠯᠠᠨ ᠵᠦᠢᠯ ᠤᠨ ᠵᠠᠭᠪᠤᠷ ᠢᠶᠠᠷ ᠳᠠᠷᠢᠬᠤ︾ ᠬᠥᠭᠵᠢᠯᠲᠡ ᠶᠢᠨ ᠵᠠᠭᠪᠤᠷ ᠢ | ᠲᠠᠨᠢᠯᠴᠠᠭᠤᠯᠪᠠ᠃ | | | | | | ᠲᠤᠰ ᠤᠳᠠᠭᠠᠨ ᠤ ᠠᠬᠤᠢ ᠲᠠᠯᠠᠪᠠᠶ ᠶᠢᠨ ᠬᠤᠷᠠᠯ ᠳᠤ᠂ ᠣᠯᠠᠨ ᠢᠶᠠᠷ ᠢᠶᠠᠨ ᠲᠤᠬᠠᠢ ᠶᠢᠨ ᠭᠠᠵᠠᠷ ᠲᠤᠨᠢ | ᠪᠠᠶᠢᠴᠠᠭᠠᠨ ᠦᠵᠡᠬᠦ᠂ ᠨᠢᠭᠤᠷᠲᠠᠨ ᠰᠣᠯᠢᠯᠴᠠᠬᠤ᠂ ᠲᠤᠬᠠᠢ ᠶᠢᠨ ᠭᠠᠵᠠᠷ ᠲᠤᠨᠢ ᠠᠰᠠᠭᠤᠨ ᠯᠠᠪᠯᠠᠬᠤ᠂ | ᠲᠥᠷᠥᠭᠳᠡᠯ ᠢᠶᠠᠨ ᠬᠠᠷᠢᠯᠴᠠᠨ ᠶᠠᠷᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ᠂ ᠵᠢᠱᠢᠶ᠎ᠡ ᠦᠵᠡᠭᠦᠯᠬᠦ ᠣᠷᠣᠨ ᠤ | ᠲᠠᠷᠢᠮᠠᠯ ᠤᠨ ᠵᠠᠭᠪᠤᠷ ᠤᠨ ᠲᠤᠬᠠᠢ ᠰᠢᠨ᠎ᠡ ᠲᠠᠨᠢᠯᠲᠠ ᠪᠠ ᠬᠤᠪᠢᠷᠠᠯᠲᠠ ᠲᠠᠢ ᠪᠣᠯᠵᠤ᠂ ︽ᠰᠢᠨ᠎ᠡ ᠦᠷ᠎ᠡ ᠶᠢᠨ | ᠲᠦᠷᠦᠯ᠂ ᠰᠢᠨ᠎ᠡ ᠮᠡᠷᠭᠡᠵᠢᠯ᠂ ᠤᠯᠠᠨ ᠵᠦᠢᠯ ᠤᠨ ᠵᠠᠭᠪᠤᠷ ᠢᠶᠠᠷ ᠲᠠᠷᠢᠬᠤ︾ ᠨᠢ ᠬᠢᠮᠢ ᠶᠢᠨ ᠪᠣᠷᠳᠣᠭᠤᠷ ᠤᠨ | ᠪᠣᠬᠢᠷᠳᠤᠯ ᠢ ᠪᠠᠭᠠᠰᠬᠠᠵᠤ ᠪᠣᠯᠬᠤ ᠮᠥᠷᠲᠡᠭᠡᠨ ᠪᠠᠰᠠ ᠭᠠᠷᠤᠯᠲᠠ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠥᠪᠡᠷ ᠤᠨ | ᠦᠷᠳᠡᠭ ᠢ ᠪᠠᠭᠠᠰᠬᠠᠵᠤ᠂ ᠬᠡᠪᠴᠢᠶᠡᠵᠢᠭᠦᠯᠦᠨ ᠮᠧᠬᠠᠨᠢᠭᠵᠢᠭᠤᠯᠤᠨ ᠲᠠᠷᠢᠵᠤ ᠪᠡᠶᠡᠯᠡᠭᠦᠯᠬᠦ ᠶᠢ ᠣᠶᠢᠯᠠᠭᠠᠵᠤ᠂ ᠰᠢᠨ᠎ᠡ | ᠦᠷ᠎ᠡ ᠶᠢᠨ ᠲᠦᠷᠦᠯ᠂ ᠰᠢᠨ᠎ᠡ ᠮᠡᠷᠭᠡᠵᠢᠯ᠂ ᠤᠯᠠᠨ ᠵᠦᠢᠯ ᠤᠨ ᠵᠠᠭᠪᠤᠷ ᠢᠶᠠᠷ ᠲᠠᠷᠢᠬᠤ ᠪᠠ ᠬᠡᠷᠡᠭᠯᠡᠭᠡᠨ ᠤ ᠮᠡᠷᠭᠡᠵᠢᠯ ᠢ | ᠤᠯᠠᠮ ᠨᠢᠭᠡ ᠠᠯᠬᠤᠮ ᠡᠵᠡᠮᠰᠢᠪᠡ᠃ ᠲᠣᠰ ᠤᠳᠠᠭᠠᠨ ᠤ ᠰᠤᠷᠤᠯᠴᠠᠬᠤ ᠠᠭᠤᠯᠭ᠎ᠠ ᠶᠢ ᠪᠣᠳᠠᠲᠠᠢ | ᠦᠢᠯᠡᠳᠪᠦᠷᠢᠯᠡᠯ ᠳᠤ ᠬᠡᠷᠡᠭᠯᠡᠵᠦ᠂ ᠲᠡᠷᠢᠭᠦᠨ ᠤ ᠲᠤᠷᠰᠢᠯᠭ᠎ᠠ ᠠᠷᠭ᠎ᠠ ᠬᠢᠳᠡᠯ ᠢ ᠪᠥᠬᠦ ᠬᠤᠰᠢᠭᠤᠨ ᠤ ᠡᠯ᠎ᠡ ᠰᠤᠮᠤ | ᠪᠠᠯᠭᠠᠰᠤ ᠭᠠᠴᠠᠭ᠎ᠠ ᠲᠣᠰᠬᠤᠨ ᠳᠤ ᠳᠡᠯᠭᠡᠷᠡᠭᠦᠯᠦᠨ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠭᠦᠢᠴᠡᠳ | ᠪᠠᠳᠠᠷᠠᠭᠤᠯᠵᠤ᠂ ᠲᠠᠷᠢᠶᠠᠴᠢᠳ ᠤᠨ ᠣᠷᠣᠯᠭ᠎ᠠ ᠶᠢ ᠪᠦᠲᠦᠮᠵᠢᠲᠡᠶ ᠪᠠᠷ ᠨᠡᠮᠡᠭᠳᠡᠭᠦᠯᠦᠨ᠎ᠡ ᠭᠡᠵᠦ ᠣᠯᠠᠨ ᠢᠶᠠᠷ ᠢᠶᠠᠨ | ᠢᠯᠡᠳᠬᠡᠵᠡᠭᠡᠪᠡ᠃ | |