8 ᠰᠠᠷ᠎ᠠ ᠶᠢᠨ 8 ᠤ ᠡᠳᠦᠷ᠂ ᠰᠢᠶᠠᠩᠱᠠᠨ ᠲᠠᠷᠢᠶᠠᠯᠠᠩ ᠤᠨ ᠲᠠᠯᠠᠪᠠᠶ ᠶᠢᠨ ᠬᠠᠮᠢᠶ᠎ᠠ ᠪᠦᠬᠦᠢ ᠠᠵᠢᠯᠲᠠᠨ ᠢᠶᠠᠨ | ᠵᠣᠬᠢᠶᠠᠨ ᠪᠠᠶᠢᠭᠤᠯᠵᠤ᠂ ᠬᠠᠷᠢᠶ᠎ᠠ ᠣᠷᠣᠨ ᠤ ᠪᠠᠨ ᠬᠡᠲᠦ ᠳᠡᠯᠭᠡᠭᠦᠷ᠂ ᠢᠳᠡᠭᠡᠨ ᠤᠮᠳᠠᠭᠠᠨ ᠤ ᠳᠡᠯᠭᠡᠭᠦᠷ ᠪᠣᠯᠣᠨ | ᠴᠤᠭᠯᠠᠭ᠎ᠠ ᠮᠠᠶᠢᠮᠠᠢ ᠶᠢᠨ ᠪᠣᠷᠤᠯᠠᠭᠤᠯᠭ᠎ᠠ ᠶᠢᠨ ᠬᠠᠮᠢᠶ᠎ᠠ ᠪᠦᠬᠦᠢ ᠢᠳᠡᠭᠡᠨ ᠤ ᠵᠦᠢᠯ ᠳᠤ ᠲᠤᠰᠬᠠᠢ ᠪᠠᠶᠢᠴᠠᠭᠠᠯᠲᠠ | ᠬᠢᠪᠡ᠃ ᠠᠵᠢᠯᠲᠠᠳ ᠢᠳᠡᠭᠡᠨ ᠪᠠ ᠪᠤᠯᠭᠤᠭᠰᠠᠨ ᠢᠳᠡᠭᠡᠨ ᠪᠣᠯᠪᠠᠰᠤᠷᠠᠭᠤᠯᠬᠤ ᠠᠵᠢᠯ ᠲᠥᠷᠥᠯ ᠤᠨ ᠢᠳᠡᠭᠡᠨ ᠤ | ᠲᠦᠭᠦᠬᠡᠢ ᠮᠠᠲ᠋ᠧᠷᠢᠶᠠᠯ ᠤᠨ ᠪᠠᠷᠠᠭ᠎ᠠ ᠬᠠᠩᠭᠠᠬᠤ ᠵᠠᠮ ᠮᠥᠷ᠂ ᠴᠢᠨᠠᠷ ᠢ ᠪᠠᠲᠤᠯᠠᠬᠤ ᠬᠤᠭᠤᠴᠠᠭ᠎ᠠ᠂ ᠠᠵᠢᠯᠯᠠᠵᠤ | ᠪᠠᠶᠢᠭ᠎ᠠ ᠬᠥᠮᠥᠰ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ ᠣᠷᠴᠢᠨ ᠠᠬᠤᠢ ᠶᠢᠨ ᠡᠷᠡᠭᠦᠯ ᠬᠠᠮᠠᠭᠠᠯᠠᠯ ᠵᠡᠷᠭᠡ | ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠰᠠᠭᠤᠭᠠᠯᠢ ᠠᠷᠠᠳ ᠤᠨ ᠠᠮᠤᠷ | ᠲᠦᠪᠰᠢᠨ ᠢ ᠬᠠᠮᠠᠭᠠᠯᠠᠪᠠ᠃ | | | |