ᠬᠤᠩᠬᠠᠳᠤ ᠠᠭᠤᠯᠠ ᠪᠠᠯᠭᠠᠰᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ︽ᠣᠷᠴᠢᠨ ᠠᠬᠤᠢ ᠶᠢ ᠬᠠᠮᠠᠭᠠᠯᠠᠬᠤ ᠶᠢ ᠰᠡᠳᠬᠢᠯ ᠳᠡᠭᠡᠨ ᠦᠷᠭᠦᠯᠵᠢᠳᠡ ᠪᠤᠳᠤᠵᠦ  ᠬᠤᠭ ᠨᠣᠪᠰᠢ ᠶᠢ ᠭᠠᠷ ᠲᠠᠭᠠᠨ ᠠᠩᠭᠢᠯᠠᠬᠤ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2022/9/1
      ᠣᠶᠢᠷ᠎ᠠ ᠳᠤ᠂ ᠬᠤᠩᠬᠠᠳᠤ ᠠᠭᠤᠯᠠ ᠪᠠᠯᠭᠠᠰᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠰᠠᠶᠢᠨ ᠳᠤᠷ᠎ᠠ ᠶᠢᠨ ᠠᠵᠢᠯᠯᠠᠭᠴᠢᠳ ᠢ ᠵᠣᠬᠢᠶᠠᠨ ᠪᠠᠶᠢᠭᠤᠯᠵᠤ ︽ᠣᠷᠴᠢᠨ ᠠᠬᠤᠢ ᠶᠢ ᠬᠠᠮᠠᠭᠠᠯᠠᠬᠤ ᠶᠢ ᠰᠡᠳᠬᠢᠯ ᠳᠡᠭᠡᠨ ᠦᠷᠭᠦᠯᠵᠢᠳᠡ ᠪᠤᠳᠤᠵᠦ  ᠬᠤᠭ ᠨᠣᠪᠰᠢ ᠶᠢ ᠭᠠᠷ ᠲᠠᠭᠠᠨ ᠠᠩᠭᠢᠯᠠᠬᠤ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ ᠠᠵᠢᠯᠯᠠᠭᠴᠢᠳ ᠵᠠᠮ ᠤᠨ ᠬᠠᠵᠠᠭᠤ ᠶᠢᠨ ᠣᠯᠠᠨ ᠲᠦᠮᠡᠨ᠂ ᠵᠡᠭᠡᠯᠢ ᠶᠢᠨ ᠬᠠᠵᠠᠭᠤ ᠶᠢᠨ ᠬᠤᠳᠠᠯᠳᠤᠭᠠᠨ ᠤ ᠳᠡᠯᠭᠡᠭᠦᠷ ᠲᠤ ᠬᠦᠷᠴᠤ ᠬᠤᠭ ᠨᠣᠪᠰᠢ ᠶᠢ ᠲᠥᠷᠥᠯ ᠬᠤᠪᠢᠶᠠᠬᠤ ᠭᠠᠷ ᠳᠡᠪᠲᠡᠷ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠪᠠ᠃ ᠡᠭᠦᠨ ᠤ ᠬᠠᠮᠲᠤ ᠬᠤᠭ ᠨᠣᠪᠰᠢ ᠶᠢ ᠲᠥᠷᠥᠯ ᠬᠤᠪᠢᠶᠠᠬᠤ᠂ ᠬᠤᠭ ᠨᠣᠪᠰᠢ ᠶᠢᠨ ᠲᠥᠷᠥᠯ ᠵᠦᠢᠯ᠂ ᠠᠳᠠᠯᠢ ᠪᠤᠰᠤ ᠲᠥᠷᠥᠯ ᠤᠨ ᠬᠤᠭ ᠨᠣᠪᠰᠢ ᠶᠢ ᠬᠡᠷᠬᠢᠨ ᠠᠳᠠᠯᠢ ᠪᠤᠰᠤ ᠥᠩᠭᠡ ᠶᠢᠨ ᠬᠤᠭ ᠨᠣᠪᠰᠢ ᠶᠢᠨ ᠰᠠᠪᠠᠨ ᠳᠤ ᠰᠠᠪᠠᠯᠠᠬᠤ ᠵᠡᠷᠭᠡ ᠶᠢ ᠨᠠᠷᠢᠨ ᠲᠠᠨᠢᠯᠴᠠᠭᠤᠯᠵᠤ᠂ ᠣᠯᠠᠨ ᠢᠶᠠᠷ ᠢᠶᠠᠨ ᠬᠤᠭ ᠨᠣᠪᠰᠢ ᠶᠢ ᠲᠥᠷᠥᠯ ᠬᠤᠪᠢᠶᠠᠬᠤ ᠶᠢ ᠭᠦᠨᠵᠡᠭᠡᠢ ᠣᠶᠢᠯᠠᠭᠠᠵᠤ᠂ ᠬᠤᠭ ᠨᠣᠪᠰᠢ ᠶᠢ ᠲᠥᠷᠥᠯ ᠬᠤᠪᠢᠶᠠᠬᠤ ᠡᠩᠨᠡᠭᠡ ᠳᠤ ᠬᠠᠮᠲᠤ ᠪᠠᠷ ᠣᠷᠤᠯᠴᠠᠬᠤ ᠶᠢ ᠤᠷᠢᠶᠠᠯᠠᠪᠠ᠃      
微信图片_20220901105634.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号