ᠪᠠᠲᠤ ᠭᠠᠭ᠋ᠠᠶᠢᠳᠤ ᠪᠠᠯᠭᠠᠰᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2022/9/1
      8 ᠰᠠᠷ᠎ᠠ ᠶᠢᠨ 31 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠪᠠᠲᠤ ᠭᠠᠭ᠋ᠠᠶᠢᠳᠤ ᠪᠠᠯᠭᠠᠰᠤᠨ ᠳᠤ ᠬᠦᠷᠴᠦ ᠢᠯᠴᠢ ᠬᠠᠩᠭᠠᠬᠤ᠂ ᠭᠠᠯ ᠤᠨᠲᠠᠷᠠᠭᠠᠬᠤ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠪᠠᠶᠢᠴᠠᠭᠠᠨ ᠰᠤᠳᠤᠯᠪᠠ᠃ ᠲᠡᠷᠡ ᠴᠢᠬᠤᠯᠠᠴᠢᠯᠠᠭᠰᠠᠨ ᠨᠢ᠂ ᠰᠢᠶᠠᠩ ᠪᠠᠯᠭᠠᠰᠤᠨ ᠤ ᠢᠯᠴᠢ ᠬᠠᠩᠭᠠᠬᠤ ᠨᠢ ᠲᠦᠭ ᠲᠦᠮᠡᠨ ᠠᠶᠢᠯ ᠡᠷᠦᠬᠡ ᠶᠢᠨ ᠦᠢᠯᠡᠳᠪᠦᠷᠢᠯᠡᠯ ᠠᠮᠢᠳᠤᠷᠠᠯ ᠳᠤ ᠬᠤᠯᠪᠣᠭᠳᠠᠵᠤ ᠪᠠᠶᠢᠳᠠᠭ ᠪᠣᠯᠬᠤᠷ ᠲᠣᠭᠲᠠᠭᠰᠠᠨ ᠲᠥᠰᠥᠯ ᠪᠣᠯᠣᠨ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠵᠢᠷᠤᠮᠯᠠᠨ᠂ ᠭᠦᠸᠧᠯᠦ ᠨᠤᠴᠤᠭᠠᠬᠤ᠂ ᠲᠥᠬᠦᠭᠡᠷᠦᠮᠵᠢ ᠪᠠᠨ ᠲᠣᠬᠢᠷᠠᠭᠤᠯᠤᠨ ᠲᠤᠷᠰᠢᠬᠤ ᠵᠡᠷᠭᠡ ᠠᠵᠢᠯ ᠢ ᠡᠮᠬᠢ ᠵᠢᠷᠤᠮ  ᠲᠠᠢ ᠪᠠᠷ ᠰᠠᠶᠢᠲᠤᠷ ᠬᠢᠵᠦ᠂ ᠪᠦᠬᠦ ᠲᠠᠯ᠎ᠠ ᠪᠠᠷ ᠢᠯᠴᠢ ᠬᠠᠩᠭᠠᠬᠤ ᠠᠵᠢᠯ ᠢ ᠴᠠᠭ ᠲᠤᠬᠠᠢ ᠳᠤᠨᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠰᠤᠷᠭᠠᠭᠤᠯᠢ ᠶᠢᠨ ᠢᠯᠴᠢ ᠬᠠᠩᠭᠠᠬᠤ ᠲᠥᠰᠥᠯ ᠢ ᠦᠷᠭᠦᠯᠵᠢᠯᠡᠨ ᠰᠢᠯᠢᠳᠡᠭᠵᠢᠭᠦᠯᠵᠦ᠂ ᠰᠤᠷᠤᠭᠴᠢᠳ ᠲᠤ ᠦᠨᠡᠨᠬᠦ ᠳᠤᠯᠠᠭᠠᠨ ᠲᠠᠭᠠᠯᠠᠮᠵᠢᠲᠠᠢ ᠰᠤᠷᠤᠯᠴᠠᠬᠤ ᠣᠷᠴᠢᠨ ᠲᠣᠭᠤᠷᠢᠨ ᠬᠠᠩᠭᠠᠬᠤ ᠬᠡᠷᠡᠭᠲᠡᠢ︔ ᠡᠭᠦᠨ ᠤ ᠵᠡᠷᠭᠡᠴᠡᠭᠡᠪᠡᠷ ᠠᠶᠤᠯᠭᠦᠢ ᠦᠢᠯᠡᠳᠪᠦᠷᠢᠯᠡᠯ ᠪᠠ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠮᠢ ᠨᠠᠰᠤ ᠶᠢ ᠳᠡᠭᠡᠳᠦᠯᠡᠬᠦ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ ᠪᠠ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠰᠠᠶᠢᠲᠤᠷ ᠬᠢᠬᠦ ᠡᠭᠦᠷᠭᠡᠲᠦ ᠰᠡᠳᠬᠢᠯᠭᠡ᠂ ᠬᠠᠷᠢᠭᠤᠴᠠᠯᠭᠠᠲᠤ ᠪᠤᠳᠤᠯ ᠢᠶᠠᠨ ᠴᠢᠩᠭᠠᠳᠬᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠮᠥᠷᠥᠨ ᠳᠡᠭᠡᠷ᠎ᠡ ᠪᠠᠨ ᠡᠭᠦᠷᠭᠡᠯᠡᠵᠦ᠂ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃       
微信图片_20220901105648.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号