ᠠᠷᠠᠳ ᠢᠷᠭᠡᠳ ᠪᠣᠯᠪᠠᠰᠤ ᠠᠮᠤ ᠪᠤᠳᠠᠭ᠎ᠠ ᠪᠠᠷ ᠠᠮᠢ ᠭᠤᠣᠯ ᠢᠶᠠᠨ ᠪᠣᠯᠭᠠᠮᠤᠢ᠂ ᠢᠳᠡᠭᠡᠨ ᠤ ᠵᠤᠶᠢᠯ ᠳᠤ ᠠᠮᠤᠷ | ᠲᠦᠪᠰᠢᠨ ᠢ ᠲᠡᠷᠢᠬᠦᠨ ᠳᠤ ᠲᠠᠯᠪᠢᠮᠤᠢ᠃ ᠢᠳᠡᠭᠡᠨ ᠤ ᠠᠮᠤᠷ ᠲᠦᠪᠰᠢᠨ ᠤ ᠶᠠᠯᠠᠲᠤ ᠠᠵᠢᠯᠯᠠᠭ᠎ᠠ ᠳᠤ ᠤᠯᠠᠮ ᠨᠢᠭᠡ | ᠠᠯᠬᠤᠮ ᠴᠣᠬᠢᠯᠲᠠ ᠥᠭᠴᠦ᠂ ᠠᠷᠠᠳ ᠣᠯᠠᠨ ᠤ ᠪᠡᠶ᠎ᠡ ᠶᠢᠨ ᠡᠷᠡᠭᠦᠯ ᠮᠡᠨᠳᠦ ᠶᠢ ᠦᠨᠡᠨ ᠬᠦ ᠰᠠᠶᠢᠲᠤᠷ ᠬᠠᠮᠠᠭᠠᠯᠠᠵᠤ᠂ | ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠠᠳᠤᠯᠠᠬᠤ ᠶᠢᠨ ᠲᠥᠯᠥᠭᠡ᠂ 8 ᠰᠠᠷ᠎ᠠ ᠶᠢᠨ 29 ︱ 30 ᠤ | ᠡᠳᠦᠷ ᠪᠣᠯᠲᠠᠯ᠎ᠠ᠂ ᠵᠠᠷᠤᠳ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠠᠮᠤᠷ ᠲᠦᠪᠰᠢᠨ ᠤ ᠪᠠᠷᠢᠮᠵᠢᠶ᠎ᠠ ᠳᠤ | ᠬᠦᠷᠬᠦ ᠦᠭᠡᠢ ᠢᠳᠡᠭᠡᠨ ᠤ ᠵᠦᠢᠯ ᠢ ᠦᠢᠯᠡᠳᠪᠦᠷᠢᠯᠡᠭᠰᠡᠨ᠂ ᠪᠣᠷᠣᠯᠠᠭᠤᠯᠤᠭᠰᠠᠨ 8 ᠡᠷᠡᠭᠦᠦ ᠶᠢᠨ ᠬᠡᠷᠡᠭ ᠤᠨ | ᠳᠠᠭᠠᠯᠳᠤᠭᠰᠠᠨ ᠢᠷᠭᠡᠨ ᠤ ᠬᠡᠷᠡᠭ ᠤᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢ ᠲᠥᠪᠯᠡᠷᠡᠭᠦᠯᠦᠨ ᠢᠯᠡ ᠪᠠᠷ ᠰᠢᠬᠦᠨ | ᠲᠠᠰᠤᠯᠤᠨ ᠲᠤᠬᠠᠢ ᠶᠢᠨ ᠲᠢᠩᠬᠢᠮ ᠳᠤ ᠵᠠᠷᠯᠠᠪᠠ᠃ | | | | | ᠶᠠᠨ ᠣᠪᠣᠭᠲᠤ᠂ ᠪᠦᠦ ᠣᠪᠣᠭᠲᠤ᠂ ᠶᠠᠩ ᠣᠪᠣᠭᠲᠤ᠂ ᠢᠦᠢ ᠣᠪᠣᠭᠲᠤ᠂ ᠭᠠᠩ ᠣᠪᠣᠭᠲᠤ ᠪᠠ ᠯᠢᠦ | ᠣᠪᠣᠭᠲᠤ ᠵᠡᠷᠭᠡ ᠵᠢᠷᠭᠤᠭᠠᠨ ᠬᠥᠮᠥᠨ ᠮᠠᠯ ᠤᠨ ᠠᠰᠢᠭ ᠰᠢᠮ᠎ᠡ ᠤᠨ ᠪᠦᠳᠤᠭᠡᠭᠳᠡᠭᠦᠨ ᠢ ᠬᠤᠳᠠᠯᠳᠤᠨ ᠠᠪᠬᠤ ᠪᠠ | ᠰᠠᠷᠢᠭᠠᠯᠠᠬᠤ ᠠᠵᠢᠯ ᠬᠢᠵᠦ ᠪᠠᠶᠢᠨ᠎ᠠ᠂ ᠴᠧᠩ ᠣᠪᠣᠭᠲᠤ ᠪᠠ ᠸᠠᠩ ᠣᠪᠣᠭᠲᠤ ᠬᠤᠶᠠᠭᠤᠯᠠ ᠲᠤᠰ ᠲᠤᠰ ᠲᠠᠭᠠᠨ | ᠬᠠᠤᠯᠢ ᠪᠤᠰᠤ ᠪᠠᠷ ᠠᠯᠠᠵᠦ ᠨᠢᠲᠤᠯᠬᠤ ᠭᠠᠵᠠᠷ ᠡᠵᠡᠩᠨᠡᠵᠦ ᠪᠠᠶᠢᠨ᠎ᠠ᠃ 2021 ᠣᠨ ᠠᠴᠠ ᠨᠠᠰᠢ᠂ ᠶᠠᠨ | ᠣᠪᠣᠭᠲᠤ᠂ ᠪᠦᠦ ᠣᠪᠣᠭᠲᠤ᠂ ᠶᠠᠩ ᠣᠪᠣᠭᠲᠤ᠂ ᠢᠦᠢ ᠣᠪᠣᠭᠲᠤ᠂ ᠭᠠᠩ ᠣᠪᠣᠭᠲᠤ ᠪᠠ ᠯᠢᠦ ᠣᠪᠣᠭᠲᠤ ᠵᠡᠷᠭᠡ | ᠵᠢᠷᠭᠤᠭᠠᠨ ᠬᠥᠮᠥᠨ ᠦᠬᠦᠭᠰᠡᠨ ᠰᠢᠯᠲᠠᠭᠠᠨ ᠨᠢ ᠲᠣᠳᠣᠷᠬᠠᠢ ᠦᠭᠡᠢ ᠮᠠᠯ ᠢ ᠤᠯᠠᠨ ᠤᠳᠠᠭ᠎ᠠ ᠬᠤᠳᠠᠯᠳᠤᠨ ᠠᠪᠤᠭᠠᠳ | ᠴᠧᠩ ᠣᠪᠣᠭᠲᠤ᠂ ᠸᠠᠩ ᠣᠪᠣᠭᠲᠤ ᠶᠢᠨ ᠠᠯᠠᠵᠦ ᠨᠢᠲᠤᠯᠬᠤ ᠭᠠᠵᠠᠷ ᠲᠤ ᠠᠪᠠᠴᠢᠵᠦ ᠨᠢᠳᠤᠯᠪᠡ᠂ ᠭᠡᠬᠦ ᠳᠤ ᠴᠧᠩ | ᠣᠪᠣᠭᠲᠤ᠂ ᠸᠠᠩ ᠣᠪᠣᠭᠲᠤ ᠮᠠᠯ ᠤᠨᠤᠭ᠎ᠠ ᠶᠢ ᠠᠯᠠᠵᠦ ᠨᠢᠲᠤᠯᠬᠤ ᠲᠣᠭᠲᠠᠭᠰᠠᠨ ᠭᠠᠵᠠᠷ ᠤᠨ ᠬᠢᠷᠢ ᠬᠡᠮ | ᠣᠯᠣᠭᠰᠠᠨ ᠦᠭᠡᠢ᠂ ᠪᠠᠰᠠ ᠠᠯᠠᠵᠤ ᠨᠢᠲᠤᠯᠤᠭᠰᠠᠨ ᠮᠠᠯ ᠤᠨᠤᠭ᠎ᠠ ᠶᠢᠨ ᠢᠶᠠᠨ ᠦᠬᠦᠭᠰᠡᠨ ᠰᠢᠯᠲᠠᠭᠠᠨ ᠢ ᠴᠦ | ᠲᠣᠳᠣᠷᠬᠠᠢ ᠦᠭᠡᠢ ᠪᠠᠶᠢᠬᠤ ᠶᠢ ᠮᠡᠳᠡᠵᠦ ᠪᠠᠶᠢᠭᠠᠳ ᠮᠥᠨ ᠯᠡ ᠨᠢᠳᠤᠯᠪᠡ᠃ ᠢᠩᠭᠢᠭᠡᠳ ᠶᠠᠨ ᠣᠪᠣᠭᠲᠤ᠂ ᠪᠦᠦ | ᠣᠪᠣᠭᠲᠤ᠂ ᠶᠠᠩ ᠣᠪᠣᠭᠲᠤ᠂ ᠭᠠᠩ ᠣᠪᠣᠭᠲᠤ ᠪᠣᠯᠣᠨ ᠯᠢᠦ ᠣᠪᠣᠭᠲᠤ ᠦᠬᠦᠭᠰᠡᠨ ᠰᠢᠯᠲᠠᠭᠠᠨ ᠨᠢ ᠲᠣᠳᠣᠷᠬᠠᠢ | ᠦᠭᠡᠢ ᠡᠳᠡᠭᠡᠷ ᠮᠠᠯ ᠤᠨ ᠮᠢᠬ᠎ᠠ ᠶᠢ ᠵᠠᠬ᠎ᠠ ᠳᠡᠯᠭᠡᠭᠦᠷ ᠲᠤ ᠠᠪᠠᠴᠢᠵᠤ ᠪᠣᠷᠣᠯᠠᠭᠤᠯᠤᠭᠰᠠᠨ ᠠᠴᠠ ᠪᠤᠯᠤᠭᠠᠳ ᠵᠠᠬ᠎ᠠ | ᠳᠡᠯᠭᠡᠭᠦᠷ ᠲᠠᠬᠢ ᠢᠳᠡᠭᠡᠨ ᠤ ᠠᠮᠤᠷ ᠲᠦᠪᠰᠢᠨ ᠳᠤ ᠬᠦᠨᠳᠦ ᠨᠣᠴᠢᠲᠠᠢ ᠨᠥᠯᠥᠭᠡ ᠦᠵᠡᠭᠦᠯᠦᠭᠰᠡᠨ ᠪᠠᠶᠢᠨ᠎ᠠ᠃ | ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢᠨ ᠪᠠᠶᠢᠴᠠᠭᠠᠨ ᠲᠤᠳᠤᠯᠠᠭᠰᠠᠨ ᠪᠠᠷ ᠶᠠᠨ ᠣᠪᠣᠭᠲᠤ᠂ ᠪᠦᠦ | ᠣᠪᠣᠭᠲᠤ᠂ ᠶᠠᠩ ᠣᠪᠣᠭᠲᠤ᠂ ᠢᠦᠢ ᠣᠪᠣᠭᠲᠤ᠂ ᠴᠧᠩ ᠣᠪᠣᠭᠲᠤ᠂ ᠸᠠᠩ ᠣᠪᠣᠭᠲᠤ᠂ ᠭᠠᠩ ᠣᠪᠣᠭᠲᠤ᠂ ᠯᠢᠦ | ᠣᠪᠣᠭᠲᠤ 8 ᠬᠥᠮᠥᠨ ᠤ ᠦᠶᠯᠡ ᠠᠵᠢᠯᠯᠠᠭ᠎ᠠ ᠨᠢ ᠨᠢᠭᠡᠨᠲᠡ ᠠᠮᠤᠷ ᠲᠦᠪᠰᠢᠨ ᠤ ᠪᠠᠷᠢᠮᠵᠢᠶ᠎ᠠ ᠳᠤ ᠬᠦᠷᠬᠦ ᠦᠭᠡᠢ | ᠢᠳᠡᠭᠡᠨ ᠤ ᠵᠦᠢᠯ ᠢ ᠦᠢᠯᠡᠳᠪᠦᠷᠢᠯᠡᠭᠰᠡᠨ᠂ ᠪᠣᠷᠣᠯᠠᠭᠤᠯᠤᠭᠰᠠᠨ ᠶᠠᠯ᠎ᠠ ᠪᠣᠯᠵᠤ ᠪᠦᠷᠢᠯᠳᠤᠪᠡ᠂ ᠪᠠᠰᠠ ᠡᠨᠡ 8 | ᠬᠥᠮᠥᠨ ᠨᠢ ᠪᠠᠶᠢᠴᠠᠭᠠᠬᠤ ᠬᠤᠷᠢᠶᠠᠨ ᠤ ᠵᠠᠭᠠᠯᠳᠤᠭᠰᠠᠨ ᠪᠣᠳᠠᠲᠤ ᠬᠡᠷᠡᠭ ᠵᠢᠴᠢ ᠶᠠᠯ᠎ᠠ ᠶᠢᠨ ᠨᠡᠷ᠎ᠡ ᠳᠤ ᠴᠥᠮ ᠣᠨᠳᠣᠣ | ᠰᠠᠨᠠᠯ ᠦᠭᠡᠢ ᠪᠠᠶᠢᠪᠠ ᠃ | ᠵᠠᠭᠠᠯᠳᠤᠭᠳᠠᠭᠴᠢ ᠶᠢᠨ ᠡᠴᠦᠰ ᠤᠨ ᠲᠣᠭᠠᠴᠢᠯᠲᠠ ᠶᠢᠨ ᠶᠠᠪᠤᠴᠠ ᠳᠤ ᠴᠧᠩ ᠣᠪᠣᠭᠲᠤ ᠵᠡᠷᠭᠡ 8 ᠬᠥᠮᠥᠨ | ᠬᠢᠭᠰᠡᠨ ᠠᠵᠢᠯᠯᠠᠭ᠎ᠠ ᠳᠠᠭᠠᠨ ᠭᠦᠨ ᠭᠡᠮᠰᠢᠪᠡ᠃ | ᠲᠤᠰ ᠤᠳᠠᠭᠠᠨ ᠤ ᠰᠢᠭᠦᠯᠲᠡ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠢᠴᠢ ᠵᠠᠭᠤᠴᠢᠯᠠᠭᠤᠷ ᠤᠨ ᠰᠤᠷᠪᠤᠯᠵᠢᠯᠠᠭᠴᠢ ᠶᠢ ᠤᠷᠢᠵᠤ᠂ ᠰᠢᠭᠦᠯᠲᠡ | ᠶᠢ ᠠᠬᠤᠢ ᠲᠠᠯᠠᠪᠤᠷ ᠤᠨ ᠬᠠᠤᠯᠢ ᠲᠦᠭᠡᠮᠡᠯᠵᠢᠭᠦᠯᠬᠦ ᠬᠢᠴᠢᠶᠡᠯ ᠤᠨ ᠲᠠᠩᠬᠢᠮ ᠪᠣᠯᠭᠠᠵᠤ᠂ ᠲᠢᠩᠬᠢᠮ ᠤᠨ ᠰᠢᠭᠦᠯᠲᠡ ᠶᠢ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠣᠣᠷ᠎ᠠ | ᠶᠠᠪᠤᠭᠳᠠᠭᠤᠯᠤᠭᠰᠠᠨ ᠢᠶᠠᠷ ᠪᠠᠷᠠᠬᠤ ᠦᠭᠡᠢ ᠪᠠᠰᠠ ᠨᠡᠶᠢᠭᠡᠮ ᠨᠡᠶᠢᠲᠡ ᠳᠤ ᠢᠳᠡᠭᠡᠨ ᠤ ᠠᠮᠤᠷ ᠲᠦᠪᠰᠢᠨ ᠤ ᠬᠠᠤᠯᠢ | ᠲᠣᠭᠲᠠᠭᠠᠯ ᠢ ᠪᠦᠲᠦᠮᠵᠢᠲᠡᠶ ᠲᠦᠭᠡᠮᠡᠯᠵᠢᠭᠦᠯᠵᠦ᠂ ᠬᠤᠯᠪᠣᠭᠳᠠᠯ ᠪᠦᠬᠦᠢ ᠠᠵᠢᠯ ᠲᠥᠷᠥᠯ ᠤᠨ ᠠᠵᠢᠯᠲᠠᠳ ᠲᠤ | ᠰᠡᠷᠡᠮᠵᠢ ᠶᠢᠨ ᠳᠣᠬᠢᠶ᠎ᠠ ᠥᠭᠴᠦ᠂ ᠲᠡᠳᠡᠨ ᠳᠤ ᠲᠣᠰ ᠪᠡᠶ᠎ᠡ ᠶᠢᠨ ᠬᠠᠷᠢᠭᠤᠴᠠᠯᠭ᠎ᠠ ᠶᠢᠨ ᠤᠬᠠᠮᠰᠠᠷ᠂ ᠬᠠᠤᠯᠢ | ᠴᠠᠭᠠᠵᠠ ᠶᠢᠨ ᠤᠬᠠᠮᠰᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠢᠳᠡᠭᠡᠨ ᠤ ᠠᠮᠤᠷ ᠲᠦᠪᠰᠢᠨ ᠤ ᠴᠢᠬᠤᠯᠠ | ᠴᠢᠨᠠᠷ ᠤᠨ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠬᠦ ᠶᠢ ᠰᠠᠨᠠᠭᠤᠯᠪᠠ᠃ | ᠳᠠᠷᠠᠭ᠎ᠠ ᠠᠯᠬᠤᠮ ᠳᠤ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠢᠳᠡᠭᠡᠨ ᠤ ᠠᠮᠤᠷ ᠲᠦᠪᠰᠢᠨ ᠳᠤ | ᠬᠤᠣᠷ ᠬᠥᠨᠥᠭᠡᠯ ᠤᠴᠠᠷᠠᠭᠤᠯᠤᠭᠰᠠᠨ ᠶᠠᠯᠠᠲᠤ ᠠᠵᠢᠯᠯᠠᠭ᠎ᠠ ᠶᠢ ᠴᠢᠩᠭ᠎ᠠ ᠰᠢᠳᠬᠡᠬᠦ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠢᠳᠡᠭᠡᠨ ᠤ ᠠᠮᠤᠷ ᠲᠦᠪᠰᠢᠨ ᠤ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠥᠷᠭᠡᠴᠡ | ᠭᠦᠨᠴᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠵᠡᠩᠨᠡᠭᠴᠢᠳ ᠢ ᠬᠠᠤᠯᠢ ᠲᠣᠭᠲᠠᠭᠠᠯ ᠢ ᠵᠢᠷᠤᠮᠯᠠᠨ | ᠰᠠᠬᠢᠭᠤᠯᠵᠤ᠂ ᠠᠷᠠᠳ ᠣᠯᠠᠨ ᠢ ᠬᠠᠤᠯᠢ ᠴᠠᠭᠠᠵᠠ ᠶᠢᠨ ᠵᠡᠪᠰᠡᠭ ᠢᠶᠠᠷ ᠲᠣᠰ ᠪᠡᠶ᠎ᠡ ᠶᠢᠨ ᠬᠠᠤᠯᠢ ᠶᠣᠰᠣᠨ ᠤ ᠡᠷᠬᠡ | ᠠᠰᠢᠭ ᠢᠶᠠᠨ ᠬᠠᠮᠠᠭᠠᠯᠠᠵᠤ᠂ ᠡᠷᠬᠡ ᠲᠡᠭᠰᠢ ᠲᠥᠪ ᠭᠤᠥᠯᠴᠢ ᠬᠠᠤᠯᠢ ᠴᠠᠭᠠᠵᠠ ᠶᠢᠨ ᠰᠢᠭᠦᠨ ᠲᠠᠰᠤᠯᠬᠤ ᠠᠵᠢᠯ ᠢᠶᠠᠷ | ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠬᠠᠤᠯᠢ ᠶᠣᠰᠣᠭᠠᠷ ᠬᠠᠮᠠᠭᠠᠯᠠᠨ᠎ᠠ ᠭᠡᠪᠡ᠃ |