| ᠲᠣᠰᠬᠤᠨ ᠳᠤ ᠰᠠᠭᠤᠭ᠎ᠠ ᠺᠠᠳ᠋ᠷᠴᠤᠳ ᠢ ᠬᠠᠪᠰᠤᠷᠤᠨ ᠠᠵᠢᠯ ᠤᠨ ᠪᠠᠶᠢᠷᠢ ᠶᠢᠨ ᠱᠠᠭᠠᠷᠳᠠᠯᠭ᠎ᠠ ᠳᠤ ᠲᠦᠷᠭᠡᠨ | ᠵᠣᠬᠢᠴᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠪᠤᠤᠬᠢᠶ᠎ᠠ ᠮᠣᠳᠣ︾ ᠶᠢ ᠯᠠᠪᠳᠠᠭᠤᠨ ᠢᠶᠠᠷ | ᠲᠣᠰᠴᠤ ᠠᠪᠣᠭᠤᠯᠬᠤ ᠶᠢᠨ ᠲᠥᠯᠥᠭᠡ᠂ ᠵᠠᠷᠤᠳ ᠬᠤᠰᠢᠭᠤᠨ ᠤ ᠬᠢᠨ ᠳᠦᠷᠢᠮ ᠲᠣᠭᠲᠠᠴᠠ ᠶᠢᠨ | ᠪᠠᠶᠢᠭᠤᠯᠤᠯᠲᠠ ᠪᠠᠨ ᠴᠢᠩᠭᠠᠳᠬᠠᠵᠤ᠂ ᠦᠨᠡᠨ ᠪᠣᠳᠠᠲᠠᠢ ᠠᠷᠭ᠎ᠠ ᠬᠡᠮᠵᠢᠶ᠎ᠡ ᠪᠠᠷ ᠲᠣᠰᠬᠤᠨ ᠳᠤ ᠰᠠᠭᠤᠭ᠎ᠠ | ᠺᠠᠳ᠋ᠷᠴᠤᠳ ᠲᠤ ︽ᠬᠦᠴᠦᠨ ᠨᠡᠮᠡᠵᠦ ᠳᠠᠷᠤᠯᠲᠠ ᠥᠭᠴᠦ︾᠂ ᠲᠣᠰᠬᠤᠨ ᠳᠤ ᠰᠠᠭᠤᠭ᠎ᠠ ᠺᠠᠳ᠋ᠷᠴᠤᠳ ᠤᠨ ︽ | ᠲᠤᠰᠢᠶᠠᠯ ᠳᠤ ᠭᠠᠷᠤᠮᠠᠭᠴᠠ ᠳᠠᠭᠠᠭᠤᠯᠤᠨ ᠭᠦᠶᠦᠬᠦ︾ ᠳᠤ ᠬᠦᠴᠦᠨ ᠲᠠᠢ ᠳᠡᠮᠵᠢᠯᠭᠡ ᠬᠠᠩᠭᠠᠪᠠ᠃ | ᠬᠠᠪᠰᠤᠷᠤᠨ ᠳᠠᠭᠠᠭᠤᠯᠬᠤ ᠲᠣᠭᠲᠠᠴᠠ ᠶᠢ ᠡᠭᠦᠳᠦᠨ ᠪᠠᠶᠢᠭᠤᠯᠵᠤ᠂ ᠨᠤᠲᠤᠭ ᠤᠨ ᠵᠠᠩᠰᠢᠯ ᠢ ᠲᠠᠭᠠᠬᠤ ᠶᠢ | ᠲᠦᠷᠭᠡᠳᠭᠡᠪᠡ᠃ ︽1+1︾ ᠶᠢᠨ ᠬᠠᠪᠰᠤᠷᠤᠨ ᠳᠠᠭᠠᠭᠤᠯᠬᠤ ᠲᠣᠭᠲᠠᠴᠠ ᠶᠢ ᠪᠠᠶᠢᠭᠤᠯᠵᠤ᠂ ᠰᠤᠮᠤ | ᠪᠠᠯᠭᠠᠰᠤᠨ ᠤ ᠰᠠᠯᠠᠭᠠᠨ ᠳᠡᠰ ᠤᠨ ᠲᠣᠰᠬᠤᠨ ᠢ ᠬᠤᠯᠪᠣᠭᠠᠯᠠᠨ ᠳᠠᠭᠠᠭᠠᠴᠢᠯᠠᠬᠤ ᠤᠳᠤᠷᠢᠳᠤᠯᠭ᠎ᠠ ᠶᠢᠨ ︽1+1︾ | ᠶᠢᠨ ᠲᠣᠰᠬᠤᠨ ᠳᠤ ᠰᠠᠭᠤᠭ᠎ᠠ ᠺᠠᠳ᠋ᠷᠴᠤᠳ ᠢ ᠬᠠᠪᠰᠤᠷᠤᠨ ᠳᠠᠭᠠᠭᠤᠯᠵᠤ᠂ ᠪᠠᠷ᠎ᠠ ᠪᠣᠯᠵᠤ ᠡᠷᠤᠭᠡ ᠳᠤ ᠬᠦᠷᠴᠦ | ᠰᠤᠷᠪᠤᠯᠵᠢᠯᠠᠨ᠂ ᠪᠠᠶᠢᠴᠠᠭᠠᠨ ᠰᠤᠳᠤᠯᠤᠯᠲᠠ ᠥᠷᠨᠢᠭᠦᠯᠵᠦ᠂ ᠲᠡᠳᠡᠨ ᠢ ᠬᠠᠪᠰᠤᠷᠤᠨ ᠠᠯᠢ ᠲᠦᠷᠭᠡᠨ ᠢᠶᠠᠷ ᠣᠷᠴᠢᠨ | ᠲᠣᠭᠤᠷᠢᠨ ᠳᠤ ᠠᠭᠤᠰᠤᠯᠴᠠᠭᠤᠯᠵᠤ᠂ ᠲᠣᠰᠬᠤᠨ ᠤ ᠪᠠᠶᠢᠳᠠᠯ ᠠᠷᠠᠳ ᠤᠨ ᠪᠠᠶᠢᠳᠠᠯ ᠢ ᠣᠶᠢᠯᠠᠭᠠᠭᠤᠯᠪᠠ᠂ | ᠲᠣᠰᠬᠤᠨ ᠳᠤ ᠰᠠᠭᠤᠭ᠎ᠠ ᠺᠠᠳ᠋ᠷ ᠭᠠᠷᠠᠭ ᠪᠦᠷᠢ ᠬᠠᠪᠰᠤᠷᠤᠨ ᠳᠠᠭᠠᠭᠤᠯᠬᠤ ᠤᠳᠤᠷᠢᠳᠤᠯᠭ᠎ᠠ ᠳᠤ ᠲᠤᠰᠢᠶᠠᠯ ᠤᠨ | ᠮᠡᠳᠡᠭᠦᠯᠦᠯᠲᠡ ᠬᠢᠵᠦ᠂ ᠳᠡᠭᠡᠷ᠎ᠡ ᠭᠠᠷᠠᠭ ᠤᠨ ᠠᠵᠢᠯ ᠵᠢᠴᠢ ᠲᠤᠰ ᠭᠠᠷᠠᠭ ᠤᠨ ᠲᠥᠯᠥᠪᠯᠡᠭᠡ ᠪᠠᠨ ᠬᠠᠷᠢᠭᠤ | ᠮᠡᠳᠡᠭᠦᠯᠵᠦ᠂ ᠬᠠᠪᠰᠤᠷᠤᠨ ᠳᠠᠭᠠᠭᠤᠯᠬᠤ ᠤᠳᠤᠷᠢᠳᠤᠯᠭ᠎ᠠ ᠠᠴᠠ ᠲᠣᠰᠬᠤᠨ ᠳᠤ ᠰᠠᠭᠤᠭ᠎ᠠ ᠺᠠᠳ᠋ᠷ ᠲᠤ ᠲᠤᠷᠰᠢᠯᠭ᠎ᠠ | ᠤᠯᠠᠮᠵᠢᠯᠠᠵᠤ᠂ ᠤᠷ᠎ᠠ ᠴᠢᠳᠠᠪᠤᠷᠢ ᠣᠯᠭᠤᠵᠤ᠂ ᠮᠠᠳᠠᠭ ᠲᠠᠢ ᠠᠰᠠᠭᠤᠳᠠᠯ ᠢ ᠨᠢ ᠰᠢᠢᠳᠪᠦᠷᠢᠯᠡᠵᠦ᠂ ᠲᠡᠳᠡᠨ ᠢ | ᠬᠠᠪᠰᠤᠷᠤᠨ ᠬᠥᠭᠵᠢᠯᠲᠡ ᠶᠢᠨ ᠰᠡᠳᠬᠢᠴᠡ ᠶᠢ ᠨᠢ ᠲᠣᠳᠣᠷᠬᠠᠶᠢᠯᠠᠵᠤ᠂ ᠠᠵᠢᠯ ᠤᠨ ᠴᠢᠳᠠᠪᠤᠷᠢ ᠶᠢ ᠨᠢ ᠨᠡᠮᠡᠭᠳᠡᠭᠦᠯᠪᠡ | ᠃ ᠭᠤᠷᠪᠠᠨ ᠱᠠᠲᠤ ᠪᠠᠷ ᠳᠠᠭᠠᠭᠠᠴᠢᠯᠠᠨ ᠠᠳᠬᠤᠬᠤ ᠬᠠᠮᠢᠶᠠᠷᠤᠯᠲᠠ ᠶᠢᠨ ᠲᠣᠭᠲᠠᠴᠠ ᠶᠢ ᠵᠡᠷᠭᠡᠪᠡᠷ ᠪᠠᠶᠢᠭᠤᠯᠵᠤ᠂ | ᠲᠣᠰᠬᠤᠨ ᠳᠤ ᠰᠠᠭᠤᠭ᠎ᠠ ᠺᠠᠳ᠋ᠷ ᠤᠨ ᠬᠠᠮᠢᠶᠠᠷᠤᠯᠲᠠ ᠶᠢᠨ ᠠᠵᠢᠯ ᠢ ︽ᠭᠤᠣᠯ ᠬᠠᠷᠢᠭᠤᠴᠠᠯᠭᠠᠲᠠᠨ︾ ᠤ | ᠢᠨᠵᠧᠨᠧᠷᠢᠩ ᠢᠶᠠᠷ ᠲᠣᠭᠲᠠᠭᠠᠵᠤ᠂ ︽ᠭᠤᠣᠯ ᠤᠳᠤᠷᠢᠳᠤᠯᠭ᠎ᠠ᠂ ᠬᠤᠪᠢᠳᠠᠨ ᠬᠠᠮᠢᠶᠠᠷᠬᠤ ᠤᠳᠤᠷᠢᠳᠤᠯᠭ᠎ᠠ᠂ | ᠲᠣᠰᠬᠤᠨ ᠢ ᠬᠤᠯᠪᠣᠭᠠᠯᠠᠨ ᠳᠠᠭᠠᠭᠠᠴᠢᠯᠠᠬᠤ ᠺᠠᠳ᠋ᠷ ︾ ᠭᠤᠷᠪᠠᠨ ᠱᠠᠲᠤ ᠪᠠᠷ ᠳᠠᠭᠠᠭᠠᠴᠢᠯᠠᠨ ᠠᠳᠬᠤᠬᠤ | ᠲᠣᠭᠲᠠᠴᠠ ᠶᠢ ᠪᠠᠶᠢᠭᠤᠯᠵᠤ᠂ ︽ᠡᠳᠦᠷ ᠪᠦᠷᠢ ᠬᠢᠨᠠᠨ ᠵᠢᠯᠤᠭᠤᠳᠬᠤ᠂ ᠭᠠᠷᠠᠭ ᠪᠦᠷᠢ ᠲᠣᠭᠤᠷᠢᠨ ᠪᠠᠶᠢᠴᠠᠭᠠᠬᠤ᠂ | ᠰᠠᠷ᠎ᠠ ᠪᠦᠷᠢ ᠰᠤᠭᠤᠴᠢᠨ ᠪᠠᠶᠢᠴᠠᠭᠠᠬᠤ᠂ ᠤᠯᠠᠷᠢᠯ ᠪᠦᠷᠢ ᠶᠠᠷᠢᠯᠴᠠᠬᠤ︾ ᠲᠦᠷᠪᠡᠨ ᠵᠦᠢᠯ ᠤᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ᠡᠳᠦᠷ ᠲᠤᠳᠤᠮ ᠤᠨ ᠬᠠᠮᠢᠶᠠᠷᠤᠯᠲᠠ ᠶᠢ ᠨᠠᠷᠢᠨ ᠪᠣᠳᠠᠲᠠᠢ ᠠᠳᠬᠤᠵᠤ᠂ ᠲᠣᠰᠬᠤᠨ ᠳᠤ | ᠰᠠᠭᠤᠭ᠎ᠠ ᠺᠠᠳ᠋ᠷ ᠤᠨ ᠠᠵᠢᠯ ᠠᠮᠢᠳᠤᠷᠠᠯ ᠳᠤᠮᠳᠠᠬᠢ ᠠᠰᠠᠭᠤᠳᠠᠯ ᠪᠠ ᠬᠦᠴᠢᠷᠳᠡᠯ ᠢ ᠰᠢᠢᠳᠪᠦᠷᠢᠯᠡᠪᠡ᠃ ᠵᠢᠯ ᠤᠨ | ᠡᠬᠢᠨ ᠠᠴᠠ ᠨᠠᠰᠢ᠂ ᠪᠥᠬᠦ ᠬᠤᠰᠢᠭᠤᠨ ᠤ ᠬᠢᠨ ᠨᠢᠭᠡᠨᠲᠡ 202 ᠰᠠᠯᠠᠭᠠᠨ ᠲᠠᠰ ᠤᠨ ᠺᠠᠳ᠋ᠷ ᠢ ᠰᠣᠩᠭᠤᠨ ᠲᠣᠮᠢᠯᠠᠵᠤ | ᠲᠣᠰᠬᠤᠨ ᠳᠤ ᠰᠠᠭᠤᠭ᠎ᠠ ᠺᠠᠳ᠋ᠷ ᠢ ᠬᠠᠪᠰᠤᠷᠤᠨ ᠲᠡᠳᠬᠦᠵᠦ᠂ ᠪᠦᠬᠦᠨ ᠢ ᠬᠠᠮᠤᠷᠬᠤ ᠶᠢ ᠪᠡᠶᠡᠯᠡᠭᠦᠯᠪᠡ᠃ | ᠬᠠᠷᠢᠭᠤᠴᠠᠯᠭ᠎ᠠ ᠶᠢᠨ ᠲᠣᠭᠲᠠᠴᠠ ᠶᠢ ᠡᠭᠦᠳᠦᠨ ᠪᠠᠶᠢᠭᠤᠯᠵᠤ᠂ ᠡᠭᠦᠷᠭᠡ ᠬᠠᠷᠢᠭᠤᠴᠠᠯᠭ᠎ᠠ ᠪᠠᠨ | ᠪᠣᠲᠠᠲᠠᠶᠢᠵᠢᠭᠤᠯᠪᠠ᠃ ︽ᠣᠨᠣᠰᠢᠯᠠᠬᠤ ᠮᠠᠶ᠋ᠢᠭ︾ ᠤᠨ ᠬᠢᠨᠠᠨ ᠰᠢᠯᠭᠠᠵᠤ ᠬᠢᠨᠠᠨ ᠵᠢᠯᠤᠭᠤᠳᠬᠤ ᠶᠢ ᠬᠡᠷᠡᠭᠵᠢᠭᠦᠯᠵᠦ᠂ | ᠲᠤᠰᠬᠠᠢ ᠬᠢᠨᠠᠨ ᠵᠢᠯᠤᠭᠤᠳᠬᠤ ᠳᠤᠭᠤᠶᠢᠯᠠᠩ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠡᠮᠦᠨ᠎ᠡ ᠹᠷᠣᠨᠲ ᠲᠤ ᠪᠠᠭᠤᠵᠤ᠂ ᠰᠤᠮᠤ ᠪᠠᠯᠭᠠᠰᠤ ᠶᠢᠨ ᠬᠠᠮᠢᠶᠠᠷᠤᠯᠲᠠ ᠦᠢᠯᠡᠴᠢᠯᠡᠭᠡᠨ ᠤ ᠪᠠᠲᠤᠯᠠᠭ᠎ᠠ ᠶᠢᠨ ᠪᠠᠶᠢᠳᠠᠯ | ᠪᠠ ᠲᠣᠰᠬᠤᠨ ᠳᠤ ᠰᠠᠭᠤᠭ᠎ᠠ ᠺᠠᠳ᠋ᠷᠴᠤᠳ ᠤᠨ ᠠᠵᠢᠯ ᠤᠨ ᠪᠠᠶᠢᠷᠢ ᠳᠤ ᠬᠦᠷᠴᠦ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠭᠰᠡᠨ ᠪᠠᠶᠢᠳᠠᠯ ᠢ ᠭᠦᠨᠵᠡᠭᠡᠢ ᠣᠶᠢᠯᠠᠭᠠᠨ᠂ ᠣᠷᠣᠰᠢᠵᠤ ᠪᠠᠶᠢᠭ᠎ᠠ ᠠᠰᠠᠭᠤᠳᠠᠯ ᠳᠤ ᠣᠨᠣᠰᠢᠯᠠᠯᠲᠠ ᠬᠢᠵᠦ᠂ | ᠬᠠᠪᠰᠣᠷᠣᠨ ᠠᠷᠭᠠᠴᠠᠭᠠᠬᠤ ᠪᠣᠳᠣᠯᠭ᠎ᠠ ᠰᠤᠳᠤᠯᠵᠤ᠂ ᠬᠠᠨᠳᠤᠯᠭ᠎ᠠ ᠲᠠᠢ ᠪᠠᠷ ᠴᠡᠭᠴᠡᠯᠡᠨ ᠵᠠᠰᠠᠪᠠ︔ ︽ᠬᠢᠨᠠᠨ | ᠭᠦᠢᠴᠡᠳᠭᠡᠯᠭᠡᠬᠦ ᠵᠠᠬᠢᠳᠠᠯ ᠪᠠᠭᠤᠯᠭᠠᠬᠤ᠂ ᠵᠠᠷᠯᠠᠨ ᠰᠢᠭᠦᠮᠵᠢᠯᠡᠬᠦ᠂ ᠰᠠᠨᠠᠭᠤᠯᠤᠨ ᠶᠠᠷᠢᠯᠴᠠᠬᠤ᠂ ᠡᠭᠡᠭᠦᠯᠦᠨ ᠠᠪᠴᠢᠷᠠᠵᠤ | ᠲᠣᠬᠢᠷᠠᠭᠤᠯᠤᠯᠲᠠ ᠬᠢᠬᠦ︾ ᠵᠡᠷᠭᠡ ᠲᠣᠭᠲᠠᠴᠠ ᠶᠢ ᠭᠦᠢᠴᠡᠳ ᠬᠡᠷᠡᠭᠯᠡᠨ᠂ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠭᠡᠳᠡᠷᠭᠦ ᠰᠢᠬᠠᠮᠳᠣᠭᠤᠯᠪᠠ᠃ ︽ᠵᠠᠬᠢᠶᠠᠯᠠᠭ᠎ᠠ ᠶᠢᠨ ᠮᠠᠶ᠋ᠢᠭ︾ ᠤᠨ ᠬᠥᠮᠦᠵᠢᠯ | ᠪᠣᠯᠪᠠᠰᠤᠷᠠᠭᠤᠯᠤᠯ ᠥᠷᠨᠢᠭᠦᠯᠵᠦ᠂ ᠬᠠᠭᠠᠰ ᠵᠢᠯ ᠪᠦᠷᠢ ᠨᠢᠭᠡ ᠤᠳᠠᠭ᠎ᠠ ᠠᠰᠠᠭᠤᠯᠲᠠ ᠶᠢᠨ ᠬᠠᠭᠤᠳᠠᠰᠤ ᠪᠠᠷ | ᠪᠠᠶᠢᠴᠠᠭᠠᠯᠲᠠ ᠬᠢᠵᠦ᠂ ᠲᠣᠰᠬᠤᠨ ᠳᠤ ᠰᠠᠭᠤᠭ᠎ᠠ ᠺᠠᠳ᠋ᠷᠴᠤᠳ ᠤᠨ ᠪᠣᠯᠪᠠᠰᠤᠷᠠᠭᠤᠯᠤᠯ ᠤᠨ ᠬᠡᠷᠡᠭᠴᠡᠭᠡ | ᠱᠠᠭᠠᠷᠳᠠᠯᠭ᠎ᠠ ᠶᠢᠨ ᠪᠠᠶᠢᠳᠠᠯ ᠢ ᠣᠶᠢᠯᠠᠭᠠᠵᠤ᠂ ᠠᠳᠠᠯᠢ ᠪᠤᠰᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ | ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ | ᠦᠢᠯᠡᠰ ᠢ ᠬᠥᠭᠵᠢᠭᠦᠯᠬᠦ᠂ ᠦᠨᠳᠦᠰᠦᠨ ᠱᠠᠲᠤᠨ ᠤ ᠵᠠᠰᠠᠯᠲᠠ᠂ ᠣᠯᠠᠨ ᠲᠦᠮᠡᠨ ᠤ ᠠᠵᠢᠯ ᠵᠡᠷᠭᠡ ᠠᠭᠤᠯᠭ᠎ᠠ ᠶᠢᠨ | ᠲᠣᠭᠤᠷᠢᠨ ᠳᠤ ︽ᠵᠠᠬᠢᠶᠠᠯᠠᠭ᠎ᠠ ᠶᠢᠨ ᠮᠠᠶ᠋ᠢᠭ︾ ᠤᠨ ᠵᠦᠷᠢᠶᠡᠴᠢᠯᠡᠭᠰᠡᠨ ᠪᠣᠯᠪᠠᠰᠤᠷᠠᠭᠤᠯᠤᠯ ᠥᠷᠨᠢᠭᠦᠯᠵᠦ᠂ ᠬᠥᠳᠡᠭᠡ | ᠲᠣᠰᠬᠤᠨ ᠤ ᠺᠠᠳ᠋ᠷᠴᠤᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠ ᠲᠤᠬᠠᠶᠢᠯᠠᠭᠰᠠᠨ ᠠᠵᠢᠯ ᠤᠨ | ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠣᠳᠣᠬᠠᠨ ᠳᠤ᠂ ᠨᠢᠭᠡᠨᠲᠡ 7 ᠡᠭᠡᠯᠵᠢ ᠶᠢᠨ ᠢᠯᠡ ᠪᠠᠷ | ᠪᠠᠶᠢᠴᠠᠭᠠᠵᠤ ᠨᠢᠭᠤᠴᠠ ᠪᠠᠷ ᠰᠤᠷᠪᠤᠯᠵᠢᠯᠠᠬᠤ ᠠᠵᠢᠯ ᠥᠷᠨᠢᠭᠦᠯᠵᠦ᠂ 8 ᠲᠣᠰᠢᠶᠠᠯ ᠳᠤ ᠪᠠᠨ ᠲᠣᠬᠢᠷᠠᠬᠤ ᠦᠭᠡᠢ | ᠲᠣᠰᠬᠤᠨ ᠳᠤ ᠰᠠᠭᠤᠭ᠎ᠠ ᠺᠠᠳ᠋ᠷ ᠢ ᠴᠠᠭ ᠲᠤᠬᠠᠢ ᠳᠤᠨᠢ ︽ᠡᠭᠡᠭᠦᠯᠦᠨ ᠠᠪᠴᠢᠷᠠᠵᠤ︾ ᠲᠣᠬᠢᠷᠠᠭᠤᠯᠵᠤ᠂ | ᠲᠤᠰᠢᠶᠠᠯ ᠠᠴᠠ ᠨᠢ ᠤᠭᠴᠠᠷᠠᠭᠤᠯᠤᠨ ᠰᠣᠯᠢᠪᠠ︔ 16 ᠤᠳᠠᠭ᠎ᠠ 1230 ᠭᠠᠷᠤᠢ ᠬᠦᠮᠦᠰ ᠢ ᠵᠣᠬᠢᠶᠠᠨ | ᠪᠠᠶᠢᠭᠤᠯᠤᠨ ᠪᠣᠯᠪᠠᠰᠤᠷᠠᠭᠤᠯᠪᠠ᠃ | ᠬᠠᠯᠠᠮᠵᠢᠯᠠᠬᠤ ᠲᠣᠭᠲᠠᠴᠠ ᠶᠢ ᠡᠭᠦᠳᠦᠨ ᠪᠠᠶᠢᠭᠤᠯᠵᠤ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠶᠢ | ᠤᠷᠮᠠᠰᠢᠭᠤᠯᠤᠨ ᠵᠣᠷᠢᠭᠵᠢᠭᠤᠯᠪᠠ᠃ ᠡᠳᠦᠷ ᠲᠤᠲᠤᠮ ᠤᠨ ᠬᠠᠯᠠᠮᠵᠢᠯᠠᠨ ᠬᠠᠶᠢᠷᠠᠯᠠᠬᠤ ᠡᠷᠴᠢᠮ ᠢᠶᠠᠨ ᠴᠢᠩᠭᠠᠷᠠᠭᠤᠯᠵᠤ | ᠂ ᠵᠢᠯ ᠪᠦᠷᠢ 2 ᠤᠳᠠᠭ᠎ᠠ ᠰᠤᠷᠪᠤᠯᠵᠢᠯᠠᠨ ᠲᠣᠬᠤᠨᠢᠭᠤᠯᠬᠤ᠂ ᠵᠢᠯ ᠤᠨ ᠠᠮᠠᠷᠠᠯᠲᠠ ᠠᠪᠬᠤ᠂ ᠲᠣᠭᠲᠠᠮᠠᠯ | ᠬᠤᠭᠤᠴᠠᠭ᠎ᠠ ᠲᠠᠢ ᠪᠠᠷ ᠪᠡᠶ᠎ᠡ ᠶᠢᠨ ᠪᠠᠶᠢᠴᠠᠭᠠᠯᠲᠠ ᠬᠢᠬᠦ ᠵᠡᠷᠭᠡ ︽ᠲᠣᠭᠲᠠᠭᠰᠠᠨ ᠬᠥᠳᠡᠯᠭᠡᠭᠡᠨ︾ ᠢ ᠰᠠᠶᠢᠲᠤᠷ | ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠵᠣᠬᠢᠶᠠᠨ ᠪᠠᠶᠢᠭᠤᠯᠬᠤ ᠬᠡᠯᠲᠡᠰ᠂ ᠳᠣᠷᠣᠭᠰᠢ ᠲᠣᠮᠢᠯᠠᠭᠰᠠᠨ ᠨᠢᠭᠡᠴᠡ | ᠪᠠᠶᠢᠩᠭᠤ ᠶᠢᠨ ᠴᠢᠨᠠᠷᠲᠠᠢ ᠪᠠᠷ ᠰᠤᠷᠪᠤᠯᠵᠢᠯᠠᠨ ᠪᠠᠶᠢᠴᠠᠭᠠᠨ ᠰᠤᠳᠤᠯᠤᠯᠲᠠ ᠬᠢᠵᠦ᠂ ᠳᠣᠷᠣᠭᠰᠢ ᠲᠣᠮᠢᠯᠠᠭᠰᠠᠨ | ᠺᠠᠳ᠋ᠷ ᠤᠨ ᠠᠵᠢᠯ ᠤᠨ ᠠᠬᠢᠴᠠ᠂ ᠭᠡᠷ ᠪᠦᠯᠢ ᠶᠢᠨ ᠪᠠᠶᠢᠳᠠᠯ᠂ ᠪᠣᠳᠠᠲᠠᠢ ᠬᠦᠴᠢᠷᠳᠡᠯ ᠢ ᠬᠥᠳᠡᠯᠦᠩᠭᠦᠢ ᠪᠠᠷ ᠡᠵᠡᠮᠰᠢᠨ᠂ | ᠲᠥᠷᠥ ᠶᠢᠨ ᠪᠣᠳᠣᠯᠭ᠎ᠠ ᠶᠢᠨ ᠵᠥᠪᠰᠢᠶᠡᠷᠡᠬᠦ ᠬᠡᠪᠴᠢᠶᠡᠨ ᠳᠣᠲᠣᠷ᠎ᠠ ᠬᠠᠪᠰᠤᠷᠤᠨ ᠰᠢᠢᠳᠪᠦᠷᠢᠯᠡᠪᠡ᠃ ᠨᠥᠬᠦᠪᠦᠷᠢ | ᠣᠯᠭᠤᠮᠵᠢ ᠶᠢ ᠴᠢᠩᠭ᠎ᠠ ᠨᠠᠶᠢᠳᠠᠪᠤᠷᠢᠵᠢᠭᠤᠯᠵᠤ᠂ ᠨᠥᠬᠦᠪᠦᠷᠢ ᠦᠭᠭᠦᠭᠰᠡᠨ ᠪᠠᠶᠢᠳᠠᠯ ᠢ ᠨᠠᠮ ᠤᠨ ᠪᠠᠶᠢᠭᠤᠯᠤᠯᠲᠠ ᠶᠢ | ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠭᠰᠠᠨ ᠪᠣᠳᠠᠲᠤ ᠠᠮᠵᠢᠯᠲᠠ ᠶᠢ ᠬᠢᠨᠠᠨ | ᠰᠢᠯᠭᠠᠬᠤ ᠬᠡᠪᠴᠢᠶᠡᠨ ᠳᠤ ᠣᠷᠣᠭᠤᠯᠵᠤ᠂ ᠡᠯ᠎ᠡ ᠲᠣᠮᠢᠯᠠᠭᠰᠠᠨ ᠨᠢᠭᠡᠴᠡ ᠬᠢᠨ ᠢ ᠱᠠᠭᠠᠷᠳᠠᠯᠭ᠎ᠠ ᠶᠣᠰᠣᠭᠠᠷ ᠴᠠᠭ | ᠲᠤᠬᠠᠢ ᠳᠤᠨᠢ ᠨᠠᠶᠢᠳᠠᠪᠤᠷᠢᠵᠢᠭᠤᠯᠵᠤ᠂ ᠲᠤᠭ᠎ᠠ ᠶᠣᠰᠣᠭᠠᠷ ᠣᠯᠭᠤᠬᠤ ᠶᠢ ᠱᠠᠭᠠᠷᠳᠠᠪᠠ᠃ ᠤᠷᠮᠠᠰᠢᠭᠤᠯᠬᠤ | ᠪᠠᠲᠤᠯᠠᠭ᠎ᠠ ᠶᠢ ᠴᠢᠩᠭᠠᠳᠬᠠᠵᠤ᠂ ᠲᠣᠰᠬᠤᠨ ᠳᠤ ᠰᠠᠭᠤᠬᠤ ᠠᠵᠢᠯ ᠤᠨ ᠳᠤᠮᠳᠠ ᠰᠢᠯᠭᠠᠯᠲᠠ ᠶᠢ ᠥᠩᠭᠡᠷᠡᠭᠦᠯᠦᠭᠰᠡᠨ᠂ | ᠰᠢᠯᠢᠳᠡᠭ ᠢᠯᠡᠷᠡᠯ ᠲᠠᠢ᠂ ᠪᠣᠳᠠᠲᠤ ᠪᠦᠲᠦᠮᠵᠢ ᠪᠠᠷ ᠲᠣᠪᠣᠶᠢᠮ᠎ᠠ ᠡᠯ᠎ᠡ ᠲᠥᠷᠥᠯ ᠤᠨ ᠵᠠᠯᠠᠭᠤ ᠺᠠᠳ᠋ᠷᠴᠤᠳ ᠢ | ᠰᠢᠯᠢᠳᠡᠭ ᠢ ᠰᠢᠯᠭᠠᠷᠠᠭᠤᠯᠵᠤ ᠲᠡᠷᠢᠭᠦᠨ ᠢ ᠰᠢᠯᠭᠠᠷᠠᠭᠤᠯᠬᠤ᠂ ᠲᠤᠰᠢᠶᠠᠯ ᠤᠨ ᠲᠠᠰ ᠢ ᠳᠡᠪᠰᠢᠭᠦᠯᠬᠦ᠂ ᠳᠡᠪᠰᠢᠭᠦᠯᠵᠦ | ᠬᠡᠷᠡᠭᠯᠡᠬᠦ ᠵᠡᠷᠭᠡ ᠲᠠᠯ᠎ᠠ ᠪᠠᠷ ᠤᠷᠢᠳᠠᠪᠠᠷ ᠪᠣᠳᠣᠯᠬᠢᠯᠠᠵᠤ᠂ ᠲᠣᠰᠬᠤᠨ ᠳᠤ ᠰᠠᠭᠤᠭ᠎ᠠ ᠺᠠᠳ᠋ᠷᠴᠤᠳ ᠤᠨ ᠠᠵᠢᠯ ᠬᠢᠵᠦ | ᠠᠳᠠᠯ ᠦᠢᠯᠡᠰ ᠴᠣᠭᠴᠠᠯᠠᠬᠤ ᠳᠣᠲᠣᠭᠠᠳᠤ ᠶᠢᠨ ᠠᠮᠢᠳᠤᠯᠢᠭ ᠴᠢᠳᠠᠪᠤᠷᠢ ᠶᠢ ᠦᠨᠡᠨ ᠬᠦ ᠬᠦᠭᠵᠢᠭᠡᠪᠡ᠃ ᠣᠲᠣ | ᠪᠣᠯᠲᠠᠯ᠎ᠠ᠂ ᠨᠢᠭᠡᠨᠲᠡ 29 ᠲᠣᠰᠬᠤᠨ ᠳᠤ ᠰᠠᠭᠤᠭ᠎ᠠ ᠺᠠᠳ᠋ᠷ ᠢ ᠳᠡᠪᠰᠢᠭᠦᠯᠦᠨ ᠬᠡᠷᠡᠭᠯᠡᠭᠰᠡᠨ ᠪᠠ ᠲᠤᠰᠢᠶᠠᠯ ᠤᠨ ᠲᠠᠰ | ᠢ ᠨᠢ ᠳᠡᠪᠰᠢᠭᠦᠯᠪᠡ᠃ | | | |