9 ᠰᠠᠷ᠎ᠠ ᠶᠢᠨ 11 ᠤ ᠡᠳᠦᠷ᠂ ᠵᠠᠷᠤᠳ ᠬᠤᠰᠢᠭᠤ ᠪᠥᠬᠦ ᠬᠤᠰᠢᠭᠤᠨ ᠤ ᠠᠮᠢᠲᠠᠨ ᠤ ᠬᠢᠵᠢᠭ ᠡᠪᠡᠳᠴᠢᠨ ᠢ | ᠲᠣᠬᠢᠷᠠᠭᠤᠯᠤᠨ ᠰᠢᠢᠳᠪᠦᠷᠢᠯᠡᠬᠦ ᠠᠵᠢᠯ ᠢ ᠠᠬᠢᠭᠤᠯᠬᠤ ᠬᠤᠷᠠᠯ ᠬᠢᠪᠡ᠃ ᠬᠤᠰᠢᠭᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠯᠢᠦ ᠶᠣᠣ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ ᠬᠤᠲᠠ | ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠤ ᠳᠡᠳ᠋ ᠳᠠᠷᠤᠭ᠎ᠠ ᠢᠦᠢ ᠭᠤᠣ ᠴᠧᠩ ᠪᠣᠯᠣᠨ ᠬᠤᠲᠠ ᠶᠢᠨ | ᠬᠢᠵᠢᠭ ᠢ ᠰᠡᠷᠭᠡᠶᠢᠯᠡᠬᠦ ᠲᠥᠪ᠂ ᠬᠢᠵᠢᠭ ᠪᠠᠶᠢᠴᠠᠭᠠᠬᠤ ᠲᠥᠪ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ | ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ | | | | | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠤᠮᠤ ᠪᠠᠯᠭᠠᠰᠤ ᠲᠠᠯᠠᠪᠠᠢ ᠬᠢᠨ ᠬᠠᠷᠢᠶ᠎ᠠ ᠭᠠᠵᠠᠷ ᠤᠨ ᠢᠶᠠᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠳᠤᠷᠢᠳᠬᠤ ᠳᠤᠭᠤᠶᠢᠯᠠᠩ ᠪᠠᠶᠢᠭᠤᠯᠤᠨ᠂ ᠲᠤᠰᠬᠠᠢ | ᠰᠡᠳᠦᠪᠲᠦ ᠬᠤᠷᠠᠯ ᠬᠢᠵᠦ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠡᠭᠦᠷᠭᠡ ᠶᠢ ᠨᠠᠶᠢᠳᠠᠪᠤᠷᠢᠵᠢᠭᠤᠯᠬᠤ ᠶᠢ | ᠠᠬᠢᠭᠤᠯᠵᠤ᠂ ᠠᠮᠢᠲᠠᠨ ᠤ ᠪᠣᠭᠤᠮ᠎ᠠ ᠡᠪᠡᠳᠴᠢᠨ ᠡᠭᠦᠰᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠪᠥᠬᠦ ᠲᠠᠯ᠎ᠠ ᠪᠠᠷ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠵᠤ᠂ ᠬᠤᠲᠠ ᠶᠢᠨ ᠱᠠᠲᠤᠨ ᠤ ᠰᠠᠯᠠᠭ᠎ᠠ | ᠮᠥᠴᠢᠷ ᠲᠠᠢ ᠪᠥᠬᠦ ᠬᠦᠴᠦᠨ ᠢᠶᠠᠷ ᠢᠶᠠᠨ ᠬᠠᠮᠵᠢᠯᠴᠠᠨ ᠲᠠᠷᠢᠯᠭ᠎ᠠ ᠬᠢᠭᠰᠡᠨ ᠪᠠᠶᠢᠳᠠᠯ ᠢ ᠰᠤᠭᠤᠴᠢᠨ ᠪᠠᠶᠢᠴᠠᠭᠠᠬᠤ | ᠠᠵᠢᠯ ᠢ ᠰᠠᠶᠢᠲᠤᠷ ᠬᠢᠵᠦ᠂ ᠭᠠᠴᠠᠭ᠎ᠠ ᠲᠣᠰᠬᠤᠨ ᠤ ᠱᠠᠲᠤᠨ ᠤ ᠬᠢᠵᠢᠭ ᠰᠡᠷᠭᠡᠶᠢᠯᠡᠭᠴᠢ ᠶᠢ ᠭᠠᠵᠠᠷ ᠰᠤᠯᠢᠵᠦ | ᠪᠠᠶᠢᠴᠠᠭᠠᠬᠤ᠂ ᠲᠣᠰᠬᠤᠨ ᠡᠷᠦᠬᠡ ᠳᠠᠷᠠᠭᠠᠯᠠᠨ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠵᠣᠬᠢᠶᠠᠨ | ᠪᠠᠶᠢᠭᠤᠯᠵᠤ᠂ ᠲᠠᠷᠢᠯᠭ᠎ᠠ ᠬᠢᠬᠦ ᠠᠬᠢᠴᠠ ᠤᠳᠠᠭᠠᠨ᠂ ᠴᠠᠭᠠᠰᠤᠨ ᠳᠡᠭᠡᠷ᠎ᠡ ᠲᠠᠷᠢᠯᠭ᠎ᠠ ᠬᠢᠬᠦ᠂ ᠬᠤᠯᠠ ᠠᠴᠠ ᠲᠠᠷᠢᠯᠭ᠎ᠠ | ᠬᠢᠬᠦ ᠵᠡᠷᠭᠡ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠢᠵᠢᠭ ᠰᠡᠷᠭᠡᠶᠢᠯᠡᠭᠴᠢ ᠶᠢᠨ ᠠᠵᠢᠯ ᠤᠨ | ᠠᠮᠵᠢᠯᠲᠠ ᠪᠦᠲᠦᠮᠵᠢ ᠶᠢᠨ ᠦᠨᠡᠯᠡᠯᠲᠡ ᠶᠢ ᠪᠠᠶᠢᠩᠭᠤᠵᠢᠭᠤᠯᠤᠨ ᠥᠷᠨᠢᠭᠦᠯᠬᠦ ᠬᠡᠷᠡᠭᠲᠡᠢ᠃ ᠭᠦᠨᠵᠡᠭᠡᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠵᠤ᠂ ᠡᠪᠡᠳᠴᠢᠨ ᠲᠠᠢ ᠮᠠᠯ ᠵᠢᠴᠢ ᠡᠪᠡᠳᠴᠢᠨ ᠢᠶᠠᠷ ᠦᠬᠦᠭᠰᠡᠨ ᠮᠠᠯ ᠢ ᠮᠡᠳᠡᠭᠦᠯᠬᠦ | ᠦᠭᠡᠢ ᠨᠢᠭᠤᠬᠤ ᠣᠷᠬᠢᠭᠳᠠᠭᠤᠯᠬᠤ᠂ ᠳᠤᠷ᠎ᠠ ᠪᠠᠷ ᠢᠶᠠᠨ ᠬᠠᠶᠠᠵᠤ ᠲᠠᠪᠠ ᠪᠠᠷ ᠢᠶᠠᠨ ᠪᠤᠯᠠᠬᠤ᠂ ᠠᠯᠠᠵᠤ ᠨᠢᠲᠤᠯᠵᠤ | ᠱᠠᠭᠠᠯᠬᠤ᠂ ᠪᠦᠲᠦᠭᠡᠭᠳᠡᠬᠦᠨ ᠢ ᠡᠳ᠋ᠰᠢᠭᠦᠯᠬᠦ᠂ ᠪᠣᠷᠣᠯᠠᠭᠤᠯᠵᠤ ᠲᠡᠭᠡᠭᠡᠪᠦᠷᠢᠯᠡᠬᠦ ᠵᠡᠷᠭᠡ ᠦᠶᠯᠡ ᠠᠵᠢᠯᠯᠠᠭ᠎ᠠ ᠶᠢ | ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠵᠤ᠂ ᠳᠦᠷᠢᠮ ᠲᠣᠭᠲᠠᠭᠠᠯ ᠶᠣᠰᠣᠭᠠᠷ ᠬᠤᠷᠢᠶᠠᠨ ᠴᠤᠭᠯᠠᠭᠤᠯᠵᠤ | ᠰᠢᠢᠳᠪᠦᠷᠢᠯᠡᠬᠦ ᠶᠢ ᠴᠢᠩᠳᠠᠯᠠᠵᠤ᠂ ᠬᠠᠤᠯᠢ ᠠᠴᠠ ᠵᠦᠷᠢᠴᠡᠪᠠᠯ ᠴᠢᠩᠭ᠎ᠠ ᠰᠢᠢᠳᠪᠦᠷᠢᠯᠡᠬᠦ ᠬᠡᠷᠡᠭᠲᠡᠢ ᠭᠡᠪᠡ᠃ | ᠬᠤᠷᠠᠯ ᠠᠴᠠ ᠱᠠᠭᠠᠷᠳᠠᠭᠰᠠᠨ ᠨᠢ᠂ ᠬᠠᠮᠲᠤᠷᠠᠨ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠵᠦ᠂ ᠲᠠᠷᠢᠶᠠᠯᠠᠩ | ᠮᠠᠯ ᠠᠵᠤ ᠠᠬᠤᠢ᠂ ᠳᠣᠲᠣᠭᠠᠳᠤ ᠶᠢ ᠬᠠᠮᠠᠭᠠᠯᠠᠬᠤ᠂ ᠵᠠᠬ᠎ᠠ ᠲᠡᠯᠭᠡᠭᠦᠷ ᠤᠨ ᠬᠢᠨᠠᠨ ᠪᠠᠶᠢᠴᠠᠭᠠᠬᠤ᠂ | ᠬᠤᠳᠠᠯᠳᠤᠭᠠᠨ ᠤ ᠶᠠᠪᠤᠳᠠᠯ ᠵᠡᠷᠭᠡ ᠰᠠᠯᠠᠭ᠎ᠠ ᠮᠥᠴᠢᠷ ᠤᠳ ᠦᠪᠡᠷ ᠦᠪᠡᠷ ᠤᠨ ᠡᠭᠦᠷᠭᠡ ᠲᠤᠰᠢᠶᠠᠯ ᠢᠶᠠᠨ | ᠭᠦᠢᠴᠡᠳᠬᠡᠵᠦ᠂ ᠲᠣᠰ ᠲᠣᠰ ᠤᠨ ᠬᠠᠷᠢᠭᠤᠴᠠᠯᠭ᠎ᠠ ᠪᠠᠨ ᠡᠭᠦᠷᠭᠡᠯᠡᠵᠤ᠂ ︽ᠠᠮᠢᠲᠠᠨ ᠤ ᠬᠢᠵᠢᠭ ᠢ ᠰᠡᠷᠭᠡᠶᠢᠯᠡᠬᠦ | ᠬᠠᠤᠯᠢ︾ ᠶᠢ ᠵᠥᠷᠢᠴᠡᠭᠰᠡᠨ ᠡᠯ᠎ᠡ ᠲᠥᠷᠥᠯ ᠤᠨ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠤᠷᠢᠯᠡᠬᠦ ᠬᠡᠷᠡᠭᠳᠠᠢᠡᠵᠦ᠂ | ᠣᠶᠢᠷ᠎ᠠ ᠶᠢᠨ ᠬᠤᠭᠤᠴᠠᠭᠠᠨ ᠳᠤ ᠡᠭᠦᠰᠦᠭᠰᠡᠨ ᠪᠣᠭᠤᠮ᠎ᠠ ᠡᠪᠡᠳᠴᠢᠨ ᠤ ᠬᠡᠷᠡᠭ ᠤᠨ ᠵᠢᠱᠢᠶ᠎ᠡ ᠠᠴᠠ ᠬᠠᠤᠯᠢ ᠶᠢ | ᠵᠥᠷᠢᠴᠡᠭᠰᠡᠨ ᠦᠶᠯᠡ ᠠᠵᠢᠯᠯᠠᠭ᠎ᠠ ᠲᠠᠢ ᠬᠥᠮᠥᠨ ᠠᠴᠠ ᠬᠠᠷᠢᠭᠤᠴᠠᠯᠭ᠎ᠠ ᠴᠢᠩᠭ᠎ᠠ ᠨᠡᠬᠡᠮᠵᠢᠯᠡᠵᠦ᠂ ᠢᠯᠠᠩᠭᠤᠶ᠎ᠠ | ᠡᠪᠡᠳᠴᠢᠨ ᠢᠶᠠᠷ ᠦᠬᠦᠭᠰᠡᠨ ᠮᠠᠯ ᠢ ᠬᠤᠳᠠᠯᠳᠤᠨ ᠠᠪᠴᠤ ᠪᠤᠷᠤᠯᠠᠭᠤᠯᠤᠭᠰᠠᠨ ᠬᠠᠷ᠎ᠠ ᠰᠡᠳᠬᠢᠯ ᠲᠠᠢ | ᠬᠤᠳᠠᠯᠳᠤᠭᠠᠴᠢᠨ ᠳᠤ ᠴᠢᠩᠭ᠎ᠠ ᠴᠣᠬᠢᠯᠲᠠ ᠥᠭᠴᠦ᠂ ᠰᠦᠷᠳᠡᠭᠦᠯᠬᠦ ᠦᠢᠯᠡᠳᠦᠯ ᠭᠠᠷᠭᠠᠬᠤ ᠬᠡᠷᠡᠭᠲᠡᠢ᠃ | ᠤᠬᠠᠭᠤᠯᠭ᠎ᠠ ᠬᠥᠮᠦᠵᠢᠯ ᠢ ᠴᠢᠩᠭᠠᠷᠠᠭᠤᠯᠤᠨ᠂ ᠡᠯ᠎ᠡ ᠲᠥᠷᠥᠯ ᠤᠨ ᠵᠠᠭᠤᠴᠢᠯᠠᠭᠤᠷ ᠲᠤ ᠮᠣᠩᠭᠤᠯ ᠬᠢᠲᠠᠳ ᠬᠤᠣᠰ | ᠬᠡᠯᠡᠨ ᠤ ᠲᠤᠰᠬᠠᠢ ᠪᠤᠯᠤᠩ ᠭᠠᠷᠭᠠᠵᠤ᠂ ᠲᠧᠯᠸᠢᠰ᠂ ᠷᠠᠳᠢᠣ᠋ ᠨᠡᠪᠲᠡᠷᠡᠭᠦᠯᠭᠡ᠂ ᠸᠢᠴᠠᠲ᠂ ᠲᠣᠰᠬᠤᠨ ᠪᠣᠯᠭᠠᠨ ᠳᠤ | ᠨᠡᠪᠳᠡᠷᠡᠬᠦ ᠵᠠᠭᠤᠴᠢ ᠵᠡᠷᠭᠡ ᠪᠠᠷ ᠳᠠᠮᠵᠢᠭᠤᠯᠤᠨ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠮᠡᠳᠡᠯᠭᠡ ᠪᠠ ᠬᠠᠮᠢᠶ᠎ᠠ | ᠪᠦᠬᠦᠢ ᠬᠠᠤᠯᠢ ᠲᠣᠭᠲᠠᠭᠠᠯ ᠵᠢᠴᠢ ᠡᠪᠡᠳᠴᠢᠨ ᠢᠶᠠᠷ ᠦᠬᠦᠭᠰᠡᠨ ᠮᠠᠯ ᠢ ᠢᠳᠡᠬᠦ ᠶᠢᠨ ᠬᠤᠣᠷ ᠬᠥᠨᠥᠭᠡᠯᠳᠦ ᠴᠢᠨᠠᠷ ᠢ | ᠥᠷᠭᠡᠨ ᠢᠶᠠᠷ ᠤᠬᠠᠭᠤᠯᠵᠤ᠂ ᠡᠰᠡᠷᠭᠦ ᠲᠠᠯ᠎ᠠ ᠶᠢᠨ ᠬᠡᠷᠡᠭ ᠤᠨ ᠵᠢᠱᠢᠶ᠎ᠡ ᠶᠢ ᠮᠥᠷᠳᠡᠨ ᠮᠡᠳᠡᠭᠡᠯᠡᠬᠦ ᠶᠢ ᠴᠢᠩᠭᠠᠳᠬᠠᠬᠤ | ᠬᠡᠷᠡᠭᠲᠡᠢ᠃ ᠨᠠᠮᠤᠷ ᠤᠨ ᠤᠯᠠᠷᠢᠯ ᠤᠨ ᠰᠡᠷᠭᠡᠶᠢᠯᠡᠯᠲᠡ ᠶᠢᠨ ᠠᠵᠢᠯ ᠢ ᠰᠠᠶᠢᠲᠤᠷ ᠬᠢᠵᠦ᠂ ᠦᠯᠤ ᠬᠠᠯᠳᠠᠭᠠᠬᠤ ᠬᠦᠷᠢᠶ᠎ᠡ | ᠬᠡᠪᠴᠢᠶ᠎ᠡ ᠪᠠᠨ ᠤᠯᠠᠮ ᠨᠢᠭᠡ ᠠᠯᠬᠤᠮ ᠥᠷᠭᠡᠳᠬᠡᠨ᠂ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠵᠤ᠂ | ᠲᠠᠷᠢᠯᠭ᠎ᠠ ᠶᠢᠨ ᠡᠮ ᠢ ᠴᠠᠭ ᠲᠤᠬᠠᠢ ᠳᠤᠨᠢ ᠬᠤᠳᠠᠯᠳᠤᠨ ᠠᠪᠴᠤ᠂ ᠬᠢᠵᠢᠭ ᠢ ᠰᠡᠷᠭᠡᠶᠢᠯᠡᠬᠦ ᠠᠵᠢᠯᠲᠠᠨ ᠢ ᠵᠣᠬᠢᠶᠠᠨ | ᠪᠠᠶᠢᠭᠤᠯᠤᠨ᠂ ᠵᠢᠵᠢᠭᠦᠷᠯᠡᠨ ᠰᠠᠬᠢᠬᠤ ᠪᠠᠨ ᠴᠢᠩᠭᠠᠷᠠᠭᠤᠯᠵᠤ᠂ ᠲᠠᠷᠢᠪᠠᠯ ᠵᠤᠬᠢᠬᠤ ᠮᠠᠯ ᠤᠨ ᠲᠠᠷᠢᠯᠭ᠎ᠠ ᠶᠢᠨ ᠨᠢᠭᠳᠠᠴᠠ | ᠶᠢ 100% ᠪᠠᠷ ᠪᠠᠲᠤᠯᠠᠵᠤ᠂ ᠲᠤᠰᠬᠤᠨ ᠳᠤ ᠳᠤᠭᠤᠶᠢᠯᠠᠩ ᠢ ᠣᠷᠬᠢᠭᠳᠠᠭᠤᠯᠬᠤ ᠦᠭᠡᠢ᠂ ᠳᠤᠭᠤᠶᠢᠯᠠᠩ ᠳᠤ | ᠡᠷᠦᠬᠡ ᠢ ᠣᠷᠬᠢᠭᠳᠠᠭᠤᠯᠬᠤ ᠦᠭᠡᠢ᠂ ᠡᠷᠦᠬᠡ ᠳᠤ ᠮᠠᠯ ᠢ ᠣᠷᠬᠢᠭᠳᠠᠭᠤᠯᠬᠤ ᠦᠭᠡᠢ᠂ ᠮᠠᠯ ᠪᠦᠷᠢ ᠳᠤ ᠲᠠᠷᠢᠯᠭ᠎ᠠ | ᠬᠢᠬᠦ ᠶᠢ ᠪᠡᠶᠡᠯᠡᠭᠦᠯᠬᠦ ᠬᠡᠷᠡᠭᠲᠡᠢ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ | ᠲᠠᠰᠤᠭ ᠬᠢᠨ ᠪᠥᠬᠦ ᠶᠠᠪᠤᠴᠠ ᠳᠤ ᠮᠥᠷᠳᠡᠨ ᠱᠠᠭᠠᠷᠳᠠᠨ ᠪᠠᠶᠢᠴᠠᠭᠠᠵᠦ᠂ ᠡᠯ᠎ᠡ ᠵᠦᠢᠯ ᠤᠨ ᠠᠵᠢᠯ ᠤᠨ ᠡᠭᠦᠷᠭᠡ ᠶᠢ | ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠪᠡ᠃ | | | | | ᠡᠯ᠎ᠡ ᠰᠤᠮᠤ ᠪᠠᠯᠭᠠᠰᠤ ᠲᠠᠯᠠᠪᠠᠢ ᠶᠢᠨ ᠭᠤᠣᠯ ᠬᠠᠷᠢᠭᠤᠴᠠᠯᠭᠠᠲᠠᠨ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ | ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠭᠤᠣᠯ ᠬᠤᠷᠠᠯ ᠤᠨ ᠲᠠᠯᠠᠪᠤᠷ ᠲᠤ ᠬᠤᠷᠠᠯ ᠳᠤ ᠤᠷᠤᠯᠴᠠᠵᠦ᠂ | ᠡᠯ᠎ᠡ ᠰᠤᠮᠤ ᠪᠠᠯᠭᠠᠰᠤ ᠲᠠᠯᠠᠪᠠᠶ ᠶᠢᠨ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠵᠢᠴᠢ ᠭᠠᠴᠠᠭ᠎ᠠ ᠲᠣᠰᠬᠤᠨ ᠤ | ᠱᠠᠲᠤᠨ ᠤ ᠬᠢᠵᠢᠭ ᠰᠡᠷᠭᠡᠶᠢᠯᠡᠭᠴᠢ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠤᠷᠤᠯᠴᠠᠪᠠ᠃ | |