ᠵᠠᠷᠤᠳ ᠬᠤᠰᠢᠭᠤᠨ ᠤ ᠬᠢᠨ ᠳᠤᠮᠳᠠᠳᠤ ᠤᠯᠤᠰ ᠤᠨ ᠲᠢᠶᠠᠨ ᠶᠢᠩ ᠬᠤᠪᠢᠴᠠᠭᠠᠲᠤ ᠬᠢᠵᠠᠭᠠᠷᠲᠤ ᠺᠣᠮᠫᠠᠨᠢ  ᠯᠤᠭ᠎ᠠ ᠰᠠᠭᠤᠳᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2022/9/13
     9 ᠰᠠᠷ᠎ᠠ ᠶᠢᠨ 9 ᠤ ᠡᠳᠦᠷ᠂ ᠵᠠᠷᠤᠳ ᠬᠤᠰᠢᠭᠤᠨ ᠤ ᠬᠢᠨ ᠳᠤᠮᠳᠠᠳᠤ ᠤᠯᠤᠰ ᠤᠨ ᠲᠢᠶᠠᠨ ᠶᠢᠩ ᠬᠤᠪᠢᠴᠠᠭᠠᠲᠤ ᠬᠢᠵᠠᠭᠠᠷᠲᠤ ᠺᠣᠮᠫᠠᠨᠢ ᠯᠤᠭ᠎ᠠ ᠰᠠᠭᠤᠳᠠᠯ ᠤᠨ ᠬᠤᠷᠠᠯ ᠬᠢᠪᠡ᠂ ᠰᠠᠯᠬᠢᠨ ᠴᠠᠬᠢᠯᠭᠠᠨ ᠭᠡᠷᠡᠯ ᠴᠠᠬᠢᠯᠭᠠᠨ ᠤ ᠡᠨᠧᠷᠬᠢ ᠬᠠᠳᠠᠭᠠᠯᠠᠬᠤ ᠶᠢ ᠨᠢᠭᠡ ᠴᠣᠭᠴᠠᠵᠢᠭᠤᠯᠤᠭᠰᠠᠨ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠪᠠ᠃ ᠳᠤᠮᠳᠠᠳᠤ ᠤᠯᠤᠰ ᠤᠨ ᠪᠡᠯᠡ ᠣᠷᠣᠭᠤᠯᠤᠯᠲᠠ ᠶᠢᠨ ᠨᠡᠶᠢᠭᠡᠮᠯᠢᠭ ᠤᠨ ᠡᠨᠧᠷᠭᠢ ᠶᠢᠨ ᠪᠡᠯᠡ ᠣᠷᠣᠭᠤᠯᠤᠯᠲᠠ ᠶᠢᠨ ᠵᠥᠪᠯᠡᠯ ᠤᠨ ᠳᠡᠳ᠋ ᠳᠠᠷᠤᠭ᠎ᠠ ᠪᠥᠭᠡᠳ ᠨᠠᠷᠢᠨ ᠪᠢᠴᠢᠭ ᠤᠨ ᠳᠠᠷᠤᠭ᠎ᠠ ᠵᠠᠩ ᠵᠢᠶᠧ᠂ ᠳᠤᠮᠳᠠᠳᠤ ᠤᠯᠤᠰ ᠤᠨ ᠲᠢᠶᠠᠨ ᠶᠢᠩ ᠬᠤᠪᠢᠴᠠᠭᠠᠲᠤ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠵᠠᠬᠢᠷᠤᠯ᠂ ᠶᠡᠷᠦᠩᠬᠡᠢ ᠢᠨᠵᠧᠨᠧᠷ ᠯᠢ ᠵᠢᠶᠦ᠋ᠨ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠳᠠᠶᠢᠴᠢᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠪᠠᠲᠤ᠂ ᠳᠡᠳ᠋ ᠬᠤᠰᠢᠭᠤᠨ ᠳᠠᠷᠤᠭ᠎ᠠ ᠯᠢ ᠶᠦᠩ ᠬᠠᠢ  ᠰᠠᠭᠤᠳᠠᠯ ᠤᠨ ᠬᠤᠷᠠᠯ ᠳᠤ ᠣᠷᠣᠯᠴᠠᠪᠠ᠃ ᠬᠤᠲᠠ ᠬᠤᠰᠢᠭᠤ ᠬᠤᠶᠠᠷ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃
c48a37af0baa0c35038d33f8888c09e.jpg   
    ᠪᠠᠲᠤ ᠠᠴᠠ ᠡᠯ᠎ᠡ ᠤᠳᠤᠷᠢᠳᠤᠯᠭ᠎ᠠ᠂ ᠲᠤᠰᠬᠠᠢ ᠮᠡᠷᠭᠡᠵᠢᠯᠲᠡᠳ ᠤᠷᠲᠤ ᠬᠤᠭᠤᠴᠠᠭᠠᠨ ᠤ ᠲᠤᠷᠰᠢ ᠵᠠᠷᠤᠳ ᠬᠤᠰᠢᠭᠤ ᠳᠤ ᠠᠩᠬᠠᠷᠤᠯ ᠲᠠᠯᠪᠢᠵᠤ᠂ ᠢᠲᠡᠭᠡᠯ ᠪᠠ ᠳᠡᠮᠵᠢᠯᠭᠡ ᠥᠭᠭᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠪᠦᠭᠦ ᠬᠤᠰᠢᠭᠤᠨ ᠤ ᠰᠢᠨ᠎ᠡ ᠡᠨᠧᠷᠭᠢ ᠵᠢᠴᠢ ᠠᠵᠤ ᠦᠢᠯᠡᠳᠪᠦᠷᠢ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠲᠣᠪᠴᠢ ᠲᠠᠨᠢᠯᠴᠠᠭᠤᠯᠪᠠ᠃ ᠲᠡᠷᠡ ᠬᠡᠯᠡᠬᠦ ᠳᠡᠭᠡᠨ᠂ ᠵᠠᠷᠤᠳ ᠬᠤᠰᠢᠭᠤᠨ ᠤ ᠡᠬᠢ ᠪᠠᠶᠠᠯᠢᠭ ᠡᠯᠪᠡᠭ ᠳᠡᠯᠪᠡᠭ᠂ ᠠᠵᠤ ᠦᠢᠯᠡᠰ ᠤᠨ ᠰᠠᠭᠤᠷᠢ ᠯᠠᠪᠳᠠᠭᠤᠨ ᠪᠠᠲᠤᠲᠠᠢ᠂ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠢ᠂ ᠬᠥᠭᠵᠢᠯᠲᠡ ᠶᠢᠨ ᠢᠷᠡᠭᠡᠳᠦᠢ ᠥᠷᠭᠡᠨ ᠠᠭᠤᠳᠠᠮ ᠪᠠᠶᠢᠨ᠎ᠠ᠂ ᠳᠤᠮᠳᠠᠳᠤ ᠤᠯᠤᠰ ᠤᠨ ᠪᠡᠯᠡ ᠣᠷᠣᠭᠤᠯᠤᠯᠲᠠ ᠶᠢᠨ ᠬᠠᠮᠵᠢᠯᠴᠠᠭᠠᠨ ᠤ ᠡᠨᠧᠷᠭᠢ ᠶᠢᠨ ᠪᠡᠯᠡ ᠣᠷᠣᠭᠤᠯᠤᠯᠲᠠ ᠶᠢᠨ ᠵᠥᠪᠯᠡᠯ᠂ ᠳᠤᠮᠳᠠᠳᠤ ᠤᠯᠤᠰ ᠤᠨ ᠲᠢᠶᠠᠨ ᠶᠢᠩ ᠬᠤᠪᠢᠴᠠᠭᠠᠲᠤ ᠬᠢᠵᠠᠭᠠᠷᠲᠤ ᠺᠣᠮᠫᠠᠨᠢ ᠶᠢᠨ ᠬᠢᠨ ᠵᠠᠷᠤᠳ ᠬᠤᠰᠢᠭᠤᠨ ᠳᠤ ᠪᠡᠯᠡ ᠣᠷᠣᠭᠤᠯᠤᠨ ᠦᠢᠯᠡᠰ ᠪᠣᠰᠬᠠᠬᠤ ᠪᠠᠷ ᠢᠷᠡᠭᠰᠡᠨ ᠳᠤ ᠪᠠᠶᠠᠷᠯᠠᠨ ᠤᠭᠲᠤᠵᠤ ᠪᠠᠶᠢᠨ᠎ᠠ᠃ ᠡᠯ᠎ᠡ ᠲᠠᠯ᠎ᠠ ᠶᠢᠨ ᠬᠢᠨ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠲᠣᠳᠣᠷᠬᠠᠢ ᠬᠡᠷᠡᠭᠵᠢᠭᠦᠯᠵᠦ ᠪᠣᠯᠬᠤᠶᠢᠴᠠ ᠲᠥᠰᠥᠯ ᠲᠣᠭᠲᠠᠭᠠᠵᠤ᠂ ᠲᠥᠷᠥᠯ ᠵᠦᠢᠯ ᠢ ᠨᠤᠲᠠᠯᠠᠬᠤ ᠂ ᠲᠥᠷᠥᠯ ᠵᠦᠢᠯ ᠲᠣᠭᠲᠠᠭᠠᠬᠤ᠂ ᠪᠣᠳᠠᠲᠠᠶᠢᠵᠢᠭᠤᠯᠬᠤ ᠵᠡᠷᠭᠡ ᠠᠵᠢᠯ ᠢ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠨ ᠰᠠᠶᠢᠲᠤᠷ ᠬᠢᠵᠦ᠂ ᠲᠥᠷᠥᠯ ᠵᠦᠢᠯ ᠢ ᠡᠷᠲᠡᠬᠡᠨ ᠡᠬᠢᠯᠡᠭᠦᠯᠬᠦ᠂ ᠤᠷᠤᠭᠰᠢᠲᠠᠢ ᠪᠦᠲᠦᠭᠡᠨ ᠪᠠᠶᠢᠭᠤᠯᠬᠤ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠬᠦ ᠶᠢ ᠬᠦᠰᠡᠵᠦ ᠪᠠᠶᠢᠨ᠎ᠠ᠂ ᠵᠠᠷᠤᠳ ᠬᠤᠰᠢᠭᠤᠨ ᠤ ᠬᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠪᠠᠷ ᠪᠠᠶᠢᠨ᠎ᠠ ᠭᠡᠪᠡ᠃
31e203421537e92ec7e586d4bb8ab77.jpg   
    ᠵᠠᠩ ᠵᠢᠶᠧ ᠢᠯᠡᠷᠬᠡᠶᠢᠯᠡᠬᠦ ᠳᠡᠭᠡᠨ᠂ ᠳᠤᠮᠳᠠᠳᠤ ᠤᠯᠤᠰ ᠤᠨ ᠪᠡᠯᠡ ᠣᠷᠣᠭᠤᠯᠤᠯᠲᠠ ᠶᠢᠨ ᠨᠡᠶᠢᠭᠡᠮᠯᠢᠭ ᠤᠨ ᠡᠨᠧᠷᠭᠢ ᠶᠢᠨ ᠪᠡᠯᠡ ᠣᠷᠣᠭᠤᠯᠤᠯᠲᠠ ᠶᠢᠨ ᠵᠥᠪᠯᠡᠯ ᠤᠨ ᠬᠢᠨ ᠵᠠᠷᠤᠳ ᠬᠤᠰᠢᠭᠤᠨ ᠤ ᠬᠥᠭᠵᠢᠯᠲᠡ ᠶᠢᠨ ᠳᠠᠪᠠᠭᠤᠯᠢᠭ ᠪᠣᠯᠣᠨ ᠢᠷᠡᠭᠡᠳᠦᠢ ᠶᠢᠨ ᠲᠥᠯᠥᠪ ᠢ ᠮᠠᠰᠢ ᠰᠠᠶᠢᠨ ᠦᠵᠡᠵᠦ᠂ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠲᠣᠰ ᠪᠡᠶ᠎ᠡ ᠶᠢᠨ ᠲᠠᠪᠴᠠᠩ᠂ ᠡᠬᠢ ᠪᠠᠶᠠᠯᠢᠭ᠂ ᠦᠢᠯᠡᠴᠢᠯᠡᠭᠡ ᠵᠡᠷᠭᠡ ᠳᠠᠪᠠᠭᠤᠯᠢᠭ ᠢᠶᠠᠨ ᠠᠰᠢᠭᠯᠠᠨ᠂ ᠵᠠᠷᠤᠳ ᠬᠤᠰᠢᠭᠤᠨ ᠤ ᠰᠠᠶᠢᠨ ᠰᠠᠶᠢᠬᠠᠨ ᠳᠦᠷᠢ ᠲᠥᠷᠬᠦ᠂ ᠰᠠᠶᠢᠨ ᠰᠠᠶᠢᠬᠠᠨ ᠣᠷᠴᠢᠨ ᠲᠣᠭᠤᠷᠢᠨ᠂ ᠰᠠᠶᠢᠨ ᠰᠠᠶᠢᠬᠠᠨ ᠢᠷᠡᠭᠡᠳᠦᠢ ᠶᠢ ᠨᠠᠩ ᠣᠯᠠᠨ ᠠᠵᠤ ᠠᠬᠤᠶᠢᠯᠠᠯᠲᠠᠨ ᠳᠤ ᠲᠠᠨᠢᠯᠴᠠᠭᠤᠯᠵᠤ᠂ ᠵᠠᠰᠠᠭ ᠠᠵᠤ ᠠᠬᠤᠶᠢᠯᠠᠯ ᠬᠤᠯᠪᠤᠭᠠᠯᠠᠨ ᠬᠠᠮᠲᠤᠷᠠᠯᠴᠠᠬᠤ ᠶᠢ ᠠᠬᠢᠭᠤᠯᠵᠤ᠂ ᠨᠠᠩ ᠣᠯᠠᠨ ᠲᠥᠷᠥᠯ ᠵᠦᠢᠯ ᠢ ᠬᠦᠴᠦᠯᠡᠨ ᠨᠠᠶᠢᠲᠠᠪᠣᠷᠢᠵᠢᠭᠤᠯᠤᠨ ᠠᠬᠢᠭᠤᠯᠵᠤ᠂ ᠵᠠᠷᠤᠳ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠪᠡ᠃
9927a21e6f110f8c17813042f110ef6.jpg   
    ᠯᠢ ᠵᠢᠶᠦ᠋ᠨ ᠬᠡᠯᠡᠬᠦ ᠳᠡᠭᠡᠨ᠂ ᠳᠤᠮᠳᠠᠳᠤ ᠤᠯᠤᠰ ᠤᠨ ᠲᠢᠶᠠᠨ ᠶᠢᠩ ᠬᠤᠪᠢᠴᠠᠭᠠᠲᠤ ᠬᠢᠵᠠᠭᠠᠷᠲᠤ ᠺᠣᠮᠫᠠᠨᠢ ᠲᠤᠰ ᠤᠳᠠᠭ᠎ᠠ ᠶᠢᠨ ᠰᠠᠭᠤᠳᠠᠯ ᠤᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠤᠷᠢᠳᠴᠢᠯᠠᠨ ᠲᠥᠯᠥᠪᠵᠢᠭᠦᠯᠵᠦ᠂ ᠰᠢᠨᠵᠢᠯᠡᠬᠦ ᠤᠬᠠᠭᠠᠨᠴᠢ ᠪᠠᠷ ᠨᠤᠲᠠᠯᠠᠵᠤ᠂ ᠥᠨᠳᠥᠷ ᠵᠣᠭᠰᠣᠴᠠ᠂ ᠯᠠᠪᠳᠠᠭᠤᠨ ᠪᠠᠲᠤᠲᠠᠢ ᠠᠵᠢᠯ ᠢᠶᠠᠷ ᠰᠢᠯᠢᠳᠡᠭ ᠡᠬᠢ ᠪᠠᠶᠠᠯᠢᠭ ᠢᠶᠠᠨ ᠬᠤᠷᠠᠮᠳᠤᠭᠤᠯᠵᠤ᠂ ᠲᠦᠩᠯᠢᠶᠣᠣ ᠶᠢᠨ ᠰᠠᠯᠬᠢᠨ ᠴᠠᠬᠢᠯᠭᠠᠨ ᠭᠡᠷᠡᠯ ᠴᠠᠬᠢᠯᠭᠠᠨ ᠤ ᠡᠨᠧᠷᠬᠢ ᠬᠠᠳᠠᠭᠠᠯᠠᠬᠤ ᠶᠢ ᠨᠢᠭᠡ ᠴᠣᠭᠴᠠᠵᠢᠭᠤᠯᠤᠭᠰᠠᠨ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢᠯᠡᠰ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠰᠢᠯᠭᠠᠯᠲᠠ ᠶᠢᠨ ᠬᠠᠭᠤᠳᠠᠰᠤ ᠶᠢ ᠰᠠᠶᠢᠲᠤᠷ ᠬᠠᠷᠢᠭᠤᠯᠵᠤ᠂ ᠣᠷᠣᠨ ᠨᠤᠲᠤᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号