ᠣᠶᠢᠷ᠎ᠠ ᠳᠤ᠂ ᠬᠤᠰᠢᠭᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠨ ᠬᠤᠲᠠ | ᠪᠠᠯᠭᠠᠰᠤᠨ ᠤ ᠰᠢᠲᠠᠮᠠᠬᠠᠢ ᠬᠡᠢ ᠶᠢ ᠴᠡᠭᠴᠡᠯᠡᠨ ᠵᠠᠰᠠᠬᠤ ᠠᠮᠤᠷ ᠲᠦᠪᠰᠢᠨ ᠢ ᠪᠠᠳᠤᠯᠠᠬᠤ ︽ᠵᠠᠭᠤᠨ ᠡᠳᠦᠷ ᠤᠨ | ᠠᠵᠢᠯᠯᠠᠭ᠎ᠠ︾ ᠶᠢ ᠠᠬᠢᠭᠤᠯᠬᠤ ᠬᠤᠷᠠᠯ ᠬᠢᠪᠡ᠃ ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠢᠲᠠᠮᠠᠬᠠᠢ ᠬᠡᠢ ᠶᠢᠨ | ᠠᠵᠤ ᠠᠬᠤᠶᠢᠯᠠᠯ ᠤᠳ ᠳᠠᠯᠳᠠ ᠬᠡᠮ ᠢᠶᠠᠨ ᠥᠪᠡᠰᠦᠪᠡᠨ ᠪᠠᠶᠢᠴᠠᠭᠠᠬᠤ ᠠᠵᠢᠯ ᠢ ᠢᠳᠡᠪᠬᠢᠲᠡᠢ ᠥᠷᠨᠢᠭᠦᠯᠵᠦ᠂ ᠦᠨᠡᠨ | ᠬᠦ ︽ᠳᠠᠯᠳᠠ ᠬᠡᠮ ᠤᠨ ᠨᠠᠷᠢᠨ ᠲᠠᠩᠰᠠ ᠪᠠᠶᠢᠭᠤᠯᠬᠤ᠂ ᠪᠥᠬᠦ ᠠᠵᠢᠯᠲᠠᠨ ᠳᠤ ᠪᠠᠨ ᠨᠢᠭᠡ ᠤᠳᠠᠭᠠᠨ ᠤ | ᠪᠣᠯᠪᠠᠰᠤᠷᠠᠭᠤᠯᠤᠯ ᠥᠷᠨᠢᠭᠦᠯᠬᠦ᠂ ᠨᠢᠭᠡ ᠬᠤᠪᠢ ᠠᠮᠤᠷ ᠲᠦᠪᠰᠢᠨ ᠢ ᠪᠠᠳᠤᠯᠠᠬᠤ ᠠᠮᠠᠯᠠᠯᠲᠠ ᠲᠣᠭᠲᠠᠬᠤ︾ | ᠱᠠᠭᠠᠷᠳᠠᠯᠭ᠎ᠠ ᠶᠣᠰᠣᠭᠠᠷ᠂ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢᠶᠠᠨ ᠵᠦᠢᠯ ᠳᠠᠷᠠᠭᠠᠯᠠᠨ ᠡᠮᠬᠢᠯᠡᠨ | ᠳᠢᠭᠯᠡᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠡᠷᠡ ᠳᠠᠷᠤᠢ ᠳᠤᠨᠢ ᠵᠠᠯᠠᠷᠠᠭᠤᠯᠵᠦ ᠲᠡᠶᠢᠯᠬᠦ ᠦᠭᠡᠢ | ᠠᠰᠠᠭᠤᠳᠠᠯ ᠳᠤ ᠴᠢᠭᠯᠡᠭᠦᠯᠤᠨ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠢ ᠲᠣᠭᠲᠠᠭᠠᠨ᠂ | ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠳᠤᠯᠠᠪᠠ᠃ ᠰᠢᠲᠠᠮᠠᠬᠠᠢ ᠬᠡᠢ ᠶᠢᠨ | ᠬᠦᠷᠢᠶᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠠᠷᠠᠳ ᠣᠯᠠᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠬᠠᠮᠠᠭᠠᠯᠠᠵᠤ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠳᠤᠬᠤ ᠭᠡᠷᠡᠭᠳᠠᠢ ᠭᠡᠪᠡ᠃ | | | |