9 ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ | ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠶᠢᠨ ᠱᠦᠵᠢ᠂ ᠲᠢᠩᠬᠢᠮ ᠤᠨ ᠳᠠᠷᠤᠭ᠎ᠠ ᠵᠧᠩ ᠭᠤᠸᠠᠩ ᠵᠤᠤ ᠬᠠᠮᠳᠤ | ᠶᠠᠪᠤᠭᠰᠠᠳ ᠲᠠᠢ ᠪᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠠᠨ ᠱᠠᠨ ᠲᠣᠮᠢᠯᠠᠭᠰᠠᠨ | ᠰᠠᠯᠪᠤᠷᠢ ᠳᠤ ᠬᠦᠷᠴᠦ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠤᠷ ᠢ ᠬᠠᠮᠠᠭᠠᠯᠠᠬᠤ᠂ ︽ᠵᠠᠭᠤᠨ ᠡᠳᠦᠷ ᠤᠨ | ᠠᠵᠢᠯᠯᠠᠭ᠎ᠠ︾᠂ ︽ᠬᠤᠶᠠᠷ ᠢ ᠴᠡᠪᠡᠷᠯᠡᠵᠦ ᠬᠤᠶᠠᠷ ᠲᠤ ᠴᠣᠬᠢᠯᠲᠠ ᠥᠭᠬᠦ︾ ᠲᠤᠰᠬᠠᠢ ᠠᠵᠢᠯᠯᠠᠭ᠎ᠠ ᠶᠢᠨ ᠠᠵᠢᠯ ᠢ | ᠬᠢᠨᠠᠨ ᠵᠢᠯᠤᠭᠤᠳᠴᠤ ᠪᠠᠶᠢᠴᠠᠭᠠᠭᠰᠠᠨ ᠪᠥᠭᠡᠳ ᠡᠮᠤᠨ᠎ᠡ ᠹᠷᠣᠨᠲ ᠤᠨ ᠠᠷᠠᠳ ᠤᠨ ᠴᠠᠭᠳᠠᠭ᠎ᠠ ᠲᠤᠰᠠᠯᠠᠬᠤ | ᠴᠠᠭᠳᠠᠭ᠎ᠠ ᠶᠢ ᠳᠣᠲᠣᠨᠣ ᠪᠠᠷ ᠲᠣᠬᠤᠨᠢᠭᠤᠯᠪᠠ᠃ ᠵᠧᠩ ᠭᠤᠸᠠᠩ ᠵᠤᠤ ᠬᠠᠨ ᠱᠠᠨ ᠲᠣᠮᠢᠯᠠᠭᠰᠠᠨ ᠰᠠᠯᠪᠤᠷᠢ ᠶᠢᠨ | ᠲᠤᠰᠬᠠᠢ ᠠᠵᠢᠯᠯᠠᠭ᠎ᠠ ᠶᠢᠨ ᠠᠬᠢᠴᠠ ᠵᠢᠴᠢ ᠡᠩᠬᠡ ᠠᠮᠤᠭᠤᠯᠠᠩ ᠤᠨ ᠪᠠᠶᠢᠭᠤᠯᠤᠯᠲᠠ ᠶᠢᠨ ᠶᠡᠷᠦᠩᠬᠡᠶᠢᠯᠡᠭᠰᠡᠨ | ᠵᠠᠰᠠᠯᠲᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠠᠷᠠᠳ ᠤᠨ ᠲᠤᠰᠠᠯᠠᠬᠤ ᠴᠠᠭᠳᠠᠭ᠎ᠠ ᠶᠢᠨ ᠪᠣᠳᠠᠲᠠᠢ ᠠᠵᠢᠯ ᠤᠨ | ᠳᠤᠮᠳᠠ ᠲᠤᠯᠭᠠᠷᠠᠵᠦ ᠪᠠᠶᠢᠭ᠎ᠠ ᠠᠰᠠᠭᠤᠳᠠᠯ ᠪᠠ ᠬᠦᠴᠢᠷᠳᠡᠯ ᠢ ᠯᠠᠪᠯᠠᠨ ᠠᠰᠠᠭᠤᠬᠤ ᠶᠢᠨ ᠬᠠᠮᠲᠤ ᠨᠠᠢᠮᠠᠨ ᠰᠠᠷ᠎ᠠ ᠶᠢᠨ | ᠲᠡᠷᠭᠡᠯ ᠪᠠᠶᠠᠷ ᠤᠨ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠡᠮᠤᠨ᠎ᠡ ᠹᠷᠣᠨᠲ ᠤᠨ ᠠᠷᠠᠳ ᠤᠨ ᠴᠠᠭᠳᠠᠭ᠎ᠠ | ᠲᠤᠰᠠᠯᠠᠬᠤ ᠴᠠᠭᠳᠠᠭ᠎ᠠ ᠳᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠵᠡᠢ᠃ ᠬᠤᠲᠠ ᠶᠢᠨ ᠳᠡᠳ᠋ ᠳᠠᠷᠤᠭ᠎ᠠ᠂ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠸᠠᠩ ᠶᠦᠩ᠂ ᠬᠤᠰᠢᠭᠤᠨ ᠤ ᠳᠡᠳ᠋ ᠳᠠᠷᠤᠭ᠎ᠠ | ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠮᠦ ᠲᠢᠶᠧ ᠮᠢᠨ ᠵᠢᠴᠢ ᠬᠤᠲᠠ ᠬᠤᠰᠢᠭᠤ | ᠬᠤᠶᠠᠷ ᠱᠠᠲᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠪᠠᠷ᠎ᠠ ᠪᠣᠯᠪᠠ᠃ | | | |