| ᠣᠶᠢᠷ᠎ᠠ ᠶᠢᠨ ᠵᠢᠯ ᠳᠤ᠂ ᠵᠠᠷᠤᠳ ᠬᠤᠰᠢᠭᠤ ᠪᠦᠬᠦ ᠬᠤᠰᠢᠭᠤᠨ ᠤ ᠰᠣᠶᠣᠯ ᠤᠨ ᠠᠭᠤᠯᠬᠤᠨ ᠢ | ᠳᠡᠭᠡᠭᠰᠢᠯᠡᠭᠦᠯᠬᠦ ᠠᠴᠠ ᠭᠠᠷᠳᠠᠵᠤ᠂ ᠡᠷᠦᠬᠡ ᠶᠢᠨ ᠳᠣᠲᠣᠨ᠎ᠠ ᠭᠠᠳᠠᠨᠠᠬᠢ ᠡᠯᠧᠺᠲᠷᠣᠨ ᠳᠡᠯᠭᠡᠴᠡ ᠪᠠᠷ ᠣᠶᠤᠨ ᠤ | ᠪᠣᠯᠪᠠᠰᠤᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ | ᠰᠢᠰᠲ᠋ᠧᠮ ᠢ ᠪᠠᠶᠢᠭᠤᠯᠬᠤ ᠶᠢᠨ ᠴᠢᠬᠤᠯᠠ ᠠᠴᠢᠶᠠᠯᠠᠪᠤᠷᠢ ᠪᠣᠯᠭᠠᠵᠤ᠂ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠨ | ᠂ ᠨᠡᠪᠲᠡᠷᠡᠭᠦᠯᠬᠦ ᠠᠭᠤᠯᠭ᠎ᠠ ᠶᠢ ᠪᠠᠶᠠᠯᠢᠭᠵᠢᠭᠤᠯᠵᠤ᠂ ᠴᠢᠬᠤᠯᠠ ᠶᠡᠭᠡ ᠭᠤᠣᠯ ᠰᠡᠳᠦᠪᠲᠦ ᠢ ᠣᠬᠠᠭᠤᠯᠬᠤ᠂ | ᠲᠡᠷᠢᠭᠦᠨ ᠤ ᠨᠡᠶᠢᠲᠡᠯᠢᠭ ᠵᠢᠱᠢᠶ᠎ᠡ ᠶᠢ ᠳᠡᠯᠭᠡᠷᠡᠭᠦᠯᠬᠦ᠂ ᠨᠡᠶᠢᠲᠡ ᠶᠢᠨ ᠠᠰᠠᠷᠠᠮᠵᠢ ᠶᠢᠨ ᠵᠠᠷ ᠤᠨ ᠦᠢᠯᠡᠳᠬᠦᠨ ᠢ ᠳᠡᠯᠭᠡᠨ | ᠦᠵᠡᠭᠦᠯᠬᠦ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠨ ᠭᠤᠣᠯᠯᠠᠭᠴᠢ ᠥᠷᠲᠡᠭ ᠢ ᠢᠯᠡᠷᠡᠭᠦᠯᠵᠦ᠂ ᠴᠠᠭ | ᠦᠶ᠎ᠡ ᠶᠢᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠤᠯᠠᠮᠵᠢᠯᠠᠯᠲᠤ ᠰᠣᠶᠣᠯ ᠢ ᠦᠷᠭᠦᠯᠵᠢᠯᠡᠭᠦᠯᠵᠦ᠂ ᠨᠡᠶᠢᠭᠡᠮ ᠤᠨ ᠬᠡᠪ | ᠰᠤᠷᠲᠠᠯ ᠢ ᠬᠥᠲᠥᠯᠥᠨ ᠳᠠᠭᠠᠭᠤᠯᠪᠠ᠃ | | | | ᠨᠡᠪᠲᠡᠷᠡᠭᠦᠯᠬᠦ ᠠᠭᠤᠯᠭ᠎ᠠ ᠶᠢᠨ ᠪᠠᠶᠢᠭᠤᠯᠤᠯᠲᠠ ᠶᠢ ᠴᠢᠬᠤᠯᠠᠴᠢᠯᠠᠵᠤ᠂ ᠭᠤᠣᠯ ᠰᠡᠳᠦᠪ ᠢ ᠲᠤᠪᠤᠶᠢᠯᠭᠠᠪᠠ᠃ | ᠨᠠᠮ ᠤᠨ ᠬᠤᠷᠢᠳᠤᠭᠠᠷ ᠶᠡᠭᠡ ᠬᠤᠷᠠᠯ ᠢ ᠣᠭᠲᠣᠬᠤ ᠤᠬᠠᠭᠤᠯᠤᠨ ᠲᠤᠤᠱᠯᠠᠭᠤᠯᠬᠤ ᠭᠡᠬᠦ ᠡᠨᠡᠬᠦ ᠭᠤᠣᠯ ᠰᠢᠵᠢᠮ ᠢ | ᠳᠣᠪᠤᠶᠢᠯᠭᠠᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠨᠠᠮ ᠪᠠ ᠤᠯᠤᠰ ᠤᠨ ᠦᠢᠯᠡᠰ ᠤᠨ | ᠲᠡᠦᠬᠡᠨ ᠬᠤᠪᠢᠷᠠᠯᠲᠠ ᠪᠠ ᠲᠡᠦᠬᠡᠲᠦ ᠴᠢᠨᠠᠷᠲᠠᠢ ᠠᠮᠵᠢᠯᠲᠠ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ | ᠦᠵᠡᠯᠲᠡ᠂ ᠤᠯᠤᠰ ᠢᠶᠠᠨ ᠬᠠᠶᠢᠷᠠᠯᠠᠬᠤ ᠦᠵᠡᠯ ᠢᠶᠠᠷ ᠭᠤᠣᠯ ᠪᠣᠯᠭᠠᠭᠰᠠᠨ ᠦᠨᠳᠦᠰᠦᠲᠡᠨ ᠤ ᠵᠣᠷᠢᠭ ᠰᠠᠨᠠᠭ᠎ᠠ | ᠪᠣᠯᠣᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠭᠤᠣᠯ ᠪᠣᠯᠭᠠᠭᠰᠠᠨ ᠴᠠᠭ ᠦᠶ᠎ᠡ ᠶᠢᠨ ᠵᠣᠷᠢᠭ ᠰᠠᠨᠠᠭ᠎ᠠ᠂ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ᠂ ᠨᠠᠮ ᠪᠣᠯᠣᠨ ᠤᠯᠤᠰ ᠤᠨ ᠭᠠᠪᠢᠶ᠎ᠠ ᠵᠢᠳᠬᠦᠯ ᠢᠷᠠᠭᠤ ᠠᠯᠳᠠᠷ ᠢ | ᠬᠦᠷᠳᠡᠭᠴᠢ᠂ ᠴᠠᠭ ᠦᠶ᠎ᠡ ᠶᠢᠨ ᠦᠯᠢᠬᠡᠷ ᠳᠠᠭᠤᠷᠢᠶᠠᠯ᠂ ᠤᠮᠠᠷᠠᠲᠤ ᠬᠢᠯᠢ ᠶᠢᠨ ᠦᠯᠢᠬᠡᠷ ᠳᠠᠭᠤᠷᠢᠶᠠᠯ᠂ ᠶᠣᠰᠣ | ᠰᠤᠷᠲᠠᠬᠤᠨ ᠤ ᠵᠢᠱᠢᠶᠡᠴᠢ᠂ ᠳᠡᠷᠭᠡᠳᠡᠬᠢ ᠰᠠᠶᠢᠨ ᠬᠥᠮᠥᠨ ᠵᠢᠴᠢ ᠬᠠᠮᠤᠭ ᠤᠨ ᠭᠤᠶᠤ ᠬᠥᠮᠥᠨ᠂ ᠰᠢᠨ᠎ᠡ ᠴᠠᠭ | ᠦᠶ᠎ᠡ ᠶᠢᠨ ᠰᠠᠶᠢᠨ ᠪᠠᠭᠠᠴᠤᠳ ᠵᠡᠷᠭᠡ ᠲᠡᠷᠢᠭᠦᠨ ᠤ ᠨᠡᠶᠢᠲᠡᠯᠢᠭ ᠵᠢᠱᠢᠶ᠎ᠡ᠂ ᠳᠠᠭᠤᠷᠢᠶᠠᠯ ᠦᠵᠡᠭᠦᠯᠬᠦ ᠨᠡᠶᠢᠲᠡᠯᠢᠭ | ᠵᠢᠱᠢᠶ᠎ᠡ᠂ ᠪᠣᠯᠪᠠᠰᠤᠨ ᠡᠷᠡᠭᠦᠯ ᠴᠢᠭᠢᠷᠠᠭ᠂ ᠪᠣᠬᠢᠷᠳᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠠᠮᠢᠳᠤᠷᠠᠯ ᠤᠨ | ᠠᠷᠭ᠎ᠠ ᠮᠠᠶ᠋ᠢᠭ ᠶᠢ ᠶᠡᠭᠡ ᠪᠠᠷ ᠪᠠᠳᠠᠷᠠᠭᠤᠯᠤᠨ ᠤᠬᠠᠭᠤᠯᠵᠤ᠂ ᠦᠨᠳᠦᠰᠦᠨ ᠱᠠᠲᠤᠨ ᠳᠤ ᠬᠦᠷᠴᠦ᠂ ᠣᠯᠠᠨ ᠲᠦᠮᠡᠨ ᠤ | ᠳᠤᠮᠳᠠ ᠬᠦᠷᠴᠦ᠂ ᠪᠦᠭᠦ ᠬᠤᠰᠢᠭᠤᠨ ᠤ ᠤᠬᠠᠭᠤᠯᠭ᠎ᠠ ᠰᠣᠶᠣᠯ ᠤᠨ ᠵᠢᠭᠰᠠᠭᠠᠯ ᠤᠨ ᠭᠠᠵᠠᠷ ᠢ ᠠᠰᠢᠭᠯᠠᠨ᠂ | ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠬᠤ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠪᠠ᠃ | | | | ᠡᠭᠦᠨ ᠤ ᠬᠠᠮᠲᠤ᠂ ᠴᠠᠭ ᠬᠤᠭᠤᠴᠠᠭ᠎ᠠ ᠵᠠᠩᠭᠢᠯᠠᠭ᠎ᠠ ᠶᠢᠨ ᠴᠡᠭ ᠢᠶᠠᠨ ᠰᠢᠨᠵᠢᠯᠡᠬᠦ ᠤᠬᠠᠭᠠᠨᠴᠢ ᠪᠠᠷ | ᠲᠣᠬᠢᠷᠠᠭᠤᠯᠵᠤ᠂ ᠨᠡᠶᠢᠲᠡᠯᠡᠵᠦ ᠨᠡᠪᠲᠡᠷᠡᠭᠦᠯᠬᠦ ᠭᠠᠵᠠᠷ ᠢ ᠵᠦᠢ ᠵᠣᠬᠢᠰᠲᠠᠢ ᠲᠣᠭᠲᠠᠭᠠᠪᠠ᠃ ᠱᠠᠲᠤ ᠦᠶ᠎ᠡ | ᠨᠢᠭᠡᠪᠦᠷᠢ ᠶᠢᠨ ᠭᠤᠣᠯᠳᠠᠯᠭ᠎ᠠ ᠲᠠᠢ ᠠᠵᠢᠯ ᠢᠶᠠᠨ ᠦᠨᠳᠦᠰᠦᠯᠡᠨ᠂ ᠴᠢᠬᠤᠯᠠ ᠶᠡᠭᠡ ᠪᠠᠶᠠᠷ ᠤᠨ ᠡᠳᠦᠷ ᠪᠠ ᠴᠢᠬᠤᠯᠠ | ᠶᠡᠭᠡ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢᠨ ᠲᠣᠭᠤᠷᠢᠨ ᠳᠤ᠂ ᠨᠡᠪᠲᠡᠷᠡᠭᠦᠯᠬᠦ ᠴᠠᠭ ᠵᠠᠩᠭᠢᠯᠠᠭ᠎ᠠ ᠶᠢᠨ | ᠴᠡᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠡᠯᠧᠺᠲᠷᠣᠨ ᠳᠡᠯᠭᠡᠴᠡ ᠪᠠᠷ ᠨᠡᠶᠢᠲᠡᠯᠡᠵᠦ ᠨᠡᠪᠲᠡᠷᠡᠭᠦᠯᠬᠦ ᠶᠢ | ᠰᠠᠶᠢᠲᠤᠷ ᠬᠢᠵᠦ᠂ ᠴᠠᠭ ᠲᠤᠬᠠᠢ ᠳᠤᠨᠢ ᠴᠣᠣᠷᠢᠶᠠᠳᠣᠵᠤ᠂ ᠴᠠᠭ ᠪᠠ ᠦᠷ᠎ᠡ ᠪᠦᠲᠦᠮᠵᠢ ᠶᠢ ᠡᠷᠬᠢᠮᠯᠡᠵᠦ᠂ | ᠨᠡᠶᠢᠲᠡᠯᠡᠵᠦ ᠨᠡᠪᠲᠡᠷᠡᠭᠦᠯᠬᠦ ᠭᠠᠵᠠᠷ ᠢ ᠵᠦᠢ ᠵᠣᠬᠢᠰᠲᠠᠢ ᠲᠣᠭᠲᠠᠭᠠᠵᠤ᠂ ᠣᠲᠣ ᠪᠠᠶᠢᠭ᠎ᠠ ᠵᠢᠭᠰᠠᠭᠠᠯ ᠤᠨ ᠭᠠᠵᠠᠷ ᠤᠨ | ᠡᠬᠢ ᠪᠠᠶᠠᠯᠢᠭ ᠢ ᠠᠭᠤᠳᠠᠯᠤᠨ᠂ ᠨᠡᠩ ᠲᠡᠷᠢᠭᠦᠨ ᠳᠤ ᠲᠣᠮᠣ ᠬᠤᠳᠠᠯᠳᠤᠭᠠᠨ ᠤ ᠲᠠᠯᠠᠪᠤᠷ᠂ ᠡᠮᠨᠡᠯᠭᠡ ᠶᠢᠨ ᠬᠤᠷᠢᠶ᠎ᠠ᠂ | ᠮᠠᠰᠢᠨ ᠲᠡᠷᠭᠡᠨ ᠤ ᠥᠷᠲᠡᠭᠡ᠂ ᠠᠭᠤᠳᠠᠮ ᠲᠠᠯᠠᠪᠠᠶ᠂ ᠨᠠᠮ ᠵᠠᠰᠠᠭ ᠤᠨ ᠪᠠᠶᠢᠭᠤᠯᠭ᠎ᠠ ᠶᠢᠨ ᠲᠣᠮᠣ ᠳᠡᠯᠭᠡᠴᠡ ᠶᠢ | ᠤᠷᠢᠳᠠᠪᠠᠷ ᠰᠤᠩᠭᠤᠪᠠ᠃ | | | | ᠲᠣᠮᠣ ᠳᠡᠯᠭᠡᠴᠡ ᠶᠢᠨ ᠬᠠᠮᠢᠶᠠᠷᠤᠯᠲᠠ ᠬᠡᠷᠡᠭᠯᠡᠯᠲᠡ ᠪᠠᠨ ᠴᠢᠩᠭᠠᠳᠬᠠᠵᠤ᠂ ᠤᠷᠳᠤ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠪᠡ᠃ ︽ᠬᠠᠷᠢᠶ᠎ᠠ ᠭᠠᠵᠠᠷ ᠲᠤᠨᠢ | ᠬᠠᠮᠢᠶᠠᠷᠤᠭᠤᠯᠬᠤ︾ ︽ᠬᠡᠨ ᠬᠡᠷᠡᠭᠯᠡᠪᠡᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠥᠮᠴᠢᠯᠡᠬᠦ ᠡᠷᠬᠡ ᠶᠢᠨ | ᠬᠠᠷᠢᠶᠠᠯᠠᠯ ᠢ ᠲᠣᠳᠣᠷᠬᠠᠢ ᠣᠶᠢᠯᠠᠭᠠᠭᠰᠠᠨ ᠰᠠᠭᠤᠷᠢᠨ ᠳᠡᠭᠡᠷ᠎ᠡ᠂ ᠡᠷᠦᠬᠡ ᠶᠢᠨ ᠳᠣᠲᠣᠨ᠎ᠠ ᠭᠠᠳᠠᠨᠠᠬᠢ ᠡᠯᠧᠺᠲᠷᠣᠨ | ᠳᠡᠯᠭᠡᠴᠡ ᠶᠢ ᠬᠡᠷᠡᠭᠯᠡᠵᠦ ᠬᠠᠮᠢᠶᠠᠷᠬᠤ ᠨᠢᠭᠡᠴᠡ ᠳᠤ ᠲᠣᠳᠣᠷᠬᠠᠢ ᠱᠠᠭᠠᠷᠳᠠᠯᠭ᠎ᠠ ᠳᠤᠷᠠᠳᠴᠤ᠂ ᠨᠡᠶᠢᠲᠡ ᠶᠢᠨ | ᠠᠰᠠᠷᠠᠮᠵᠢ ᠶᠢᠨ ᠵᠠᠷ ᠮᠡᠳᠡᠭᠡ ᠶᠢ ᠨᠡᠶᠢᠲᠡᠯᠡᠵᠦ ᠨᠡᠪᠲᠡᠷᠡᠭᠦᠯᠬᠦ ᠬᠠᠷᠢᠴᠠᠯ᠂ ᠴᠠᠭ ᠬᠤᠭᠤᠴᠠᠭ᠎ᠠ ᠪᠠ ᠳᠠᠪᠲᠠᠮᠵᠢ | ᠤᠳᠠᠭ᠎ᠠ ᠶᠢ ᠳᠤᠷᠠᠳᠤᠨ᠂ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢᠨ ᠬᠥᠮᠥᠨ ᠠᠮᠠ ᠶᠢᠨ ᠶᠠᠪᠣᠵᠤ ᠰᠠᠭᠤᠬᠤ | ᠣᠷᠭᠢᠯ ᠤᠨ ᠦᠶ᠎ᠡ ᠳᠤ ᠵᠠᠯᠭᠠᠭ᠎ᠠ ᠪᠠᠷ ᠳᠡᠯᠭᠡᠨ ᠨᠠᠪᠲᠠᠷᠡᠭᠦᠯᠵᠦ᠂ ᠦᠢᠯᠡᠳᠦᠯ ᠢ ᠨᠢ ᠪᠠᠳᠠᠷᠠᠭᠤᠯᠬᠤ ᠶᠢ ᠦᠨᠡᠨᠬᠦ | ᠪᠠᠲᠤᠯᠠᠪᠠ᠃ | | | | ᠬᠤᠲᠠ ᠶᠢᠨ ᠣᠳᠣᠬᠢᠴᠢᠯᠠᠯᠲᠠ ᠶᠢᠨ ᠠᠬᠢᠴᠠ ᠶᠢᠨ ᠲᠦᠷᠭᠡᠳᠬᠦ ᠶᠢ ᠳᠠᠭᠠᠯᠳᠤᠨ᠂ ᠡᠷᠦᠬᠡ ᠶᠢᠨ ᠳᠣᠲᠣᠨ᠎ᠠ | ᠭᠠᠳᠠᠨᠠᠬᠢ ᠲᠣᠮᠣ ᠳᠡᠯᠭᠡᠴᠡ ᠨᠢ ᠮᠠᠰᠢ ᠲᠦᠷᠭᠡᠨ ᠢᠶᠠᠷ ᠵᠠᠷᠤᠳ ᠬᠤᠰᠢᠭᠤᠨ ᠤ ᠦᠵᠡᠰᠬᠦᠯᠡᠩᠲᠦ ᠰᠠᠶᠢᠬᠠᠨ ᠦᠵᠡᠮᠵᠢ | ᠪᠣᠯᠵᠤ᠂ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠨᠢ ᠰᠢᠭᠤᠳ ᠬᠠᠷᠠᠭᠠᠨ ᠤ ᠰᠡᠷᠡᠯ ᠢᠶᠠᠷ ᠢᠯᠡᠳᠬᠡᠬᠦ | ᠬᠡᠯᠪᠡᠷᠢ ᠪᠠᠷ ᠢᠶᠠᠨ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠥᠪᠡᠷᠮᠢᠴᠡ ᠦᠢᠯᠡᠳᠦᠯ ᠢ | ᠪᠠᠳᠠᠷᠠᠭᠤᠯᠵᠤ ᠪᠠᠶᠢᠨ᠎ᠠ᠃ ᠣᠲᠣ ᠪᠣᠯᠲᠠᠯ᠎ᠠ᠂ ᠪᠥᠬᠦ ᠬᠤᠰᠢᠭᠤᠨ ᠤ 9 ᠡᠷᠦᠬᠡ ᠶᠢᠨ ᠭᠠᠳᠠᠨᠠᠬᠢ ᠲᠣᠮᠣ ᠳᠡᠯᠭᠡᠴᠡ᠂ | 20 ᠡᠷᠦᠬᠡ ᠶᠢᠨ ᠳᠣᠲᠣᠷᠠᠬᠢ ᠲᠣᠮᠣ ᠳᠡᠯᠭᠡᠴᠡ ᠪᠠᠷ ᠳᠠᠮᠵᠢᠨ ᠨᠡᠶᠢᠲᠡ ᠶᠢᠨ ᠠᠰᠠᠷᠠᠮᠵᠢ ᠶᠢᠨ ᠵᠠᠷ ᠢ 30 ᠲᠦᠮᠡ | ᠭᠠᠷᠤᠢ ᠤᠳᠠᠭ᠎ᠠ ᠨᠡᠪᠲᠡᠷᠡᠭᠦᠯᠪᠡ᠃ |