ᠵᠠᠷᠤᠳ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠦᠷᠭᠦᠯᠵᠢᠯᠡᠨ ᠬᠦᠴᠦᠯᠡᠵᠦ᠂ ︽ᠬᠤᠣᠰ ᠪᠠᠶᠠᠷ ᠤᠨ ᠡᠳᠦᠷ︾ ᠤᠨ ᠬᠤᠭᠤᠴᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ
ᠨᠡᠶᠢᠲᠡᠯᠡᠭᠰᠡᠨ ᠴᠠᠭ᠄
2022/9/14
1d768271e2b04dc1f5654a6f3bc5924.jpg   
    ᠪᠠᠶᠠᠷ ᠤᠨ ᠡᠳᠦᠷ ᠤᠨ ᠬᠤᠭᠤᠴᠠᠭᠠᠨ ᠳᠤ ᠬᠠᠷᠢᠶ᠎ᠠ ᠣᠷᠣᠨ ᠤ ᠡᠯ᠎ᠡ ᠲᠠᠯᠠᠪᠤᠷ ᠤᠨ ᠭᠠᠯ ᠤᠨᠲᠠᠷᠠᠭᠠᠬᠤ ᠠᠮᠤᠷ ᠲᠦᠪᠰᠢᠨ ᠢ ᠪᠠᠲᠤᠯᠠᠵᠤ᠂ ᠲᠠᠯᠠᠪᠤᠷ ᠲᠤ ᠪᠠᠶᠢᠭ᠎ᠠ ᠬᠥᠮᠥᠰ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠭᠠᠯ ᠤᠨ ᠭᠠᠮᠰᠢᠭ ᠭᠠᠷᠬᠤ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠬᠤ ᠶᠢᠨ ᠲᠥᠯᠥᠭᠡ᠂ 9 ᠰᠠᠷ᠎ᠠ ᠶᠢᠨ 10 ᠤ ᠡᠳᠦᠷ ᠠᠴᠠ 12 ᠤ ᠡᠳᠦᠷ ᠪᠣᠯᠲᠠᠯ᠎ᠠ᠂ ᠵᠠᠷᠤᠳ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠬᠠᠷᠢᠶ᠎ᠠ ᠣᠷᠣᠨ ᠤ ᠲᠣᠮᠣ ᠬᠡᠯᠪᠡᠷᠢ ᠶᠢᠨ ᠶᠡᠷᠦᠩᠬᠡᠶᠢᠯᠡᠭᠰᠡᠨ ᠴᠣᠭᠴᠠ᠂ ᠣᠯᠠᠨ ᠨᠡᠶᠢᠲᠡ ᠶᠢᠨ ᠴᠣᠭᠯᠠᠷᠠᠬᠤ ᠵᠡᠷᠭᠡ ᠲᠠᠯᠠᠪᠤᠷ ᠲᠤ ᠬᠦᠷᠴᠦ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠬᠢᠪᠡ᠃
8dee8afc905f959bd7691c5be724953.jpg   
    ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠪᠠᠶᠢᠴᠠᠭᠠᠭᠴᠢ ᠠᠴᠠ ᠤᠷᠢᠳ ᠬᠤᠵᠢᠳ ᠬᠠᠷᠢᠶ᠎ᠠ ᠣᠷᠣᠨ ᠤ ᠶᠡᠷᠦᠩᠬᠡᠶᠢᠯᠡᠭᠰᠡᠨ ᠬᠤᠳᠠᠯᠳᠤᠭᠠᠨ ᠤ ᠲᠠᠯᠠᠪᠠᠢ᠂ ᠺᠢᠨᠣ᠋ ᠲᠢᠶᠠᠲᠷ᠂ ᠬᠡᠲᠦ ᠳᠡᠯᠭᠡᠭᠦᠷ᠂ ᠵᠣᠴᠢᠳ ᠤᠨ ᠪᠠᠭᠤᠳᠠᠯ ᠵᠡᠷᠭᠡ ᠲᠠᠯᠠᠪᠤᠷ ᠲᠤ ᠬᠦᠷᠴᠦ ᠲᠤᠰᠬᠠᠢ ᠪᠠᠶᠢᠴᠠᠭᠠᠯᠲᠠ ᠬᠢᠪᠡ᠃ ᠬᠦᠷᠦᠭᠰᠡᠨ ᠭᠠᠵᠠᠷ ᠪᠣᠯᠭᠠᠨ ᠳᠤ ᠪᠠᠶᠢᠴᠠᠭᠠᠭᠴᠢ ᠠᠴᠠ ᠡᠯ᠎ᠡ ᠲᠠᠯᠠᠪᠤᠷ ᠭᠠᠵᠠᠷ ᠤᠨ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠪᠠᠶᠢᠳᠠᠯ ᠢ ᠨᠠᠷᠢᠨ ᠬᠢᠨᠠᠮᠠᠭᠠᠢ ᠠᠰᠠᠭᠤᠨ ᠯᠠᠪᠯᠠᠵᠤ᠂ ᠲᠠᠯᠠᠪᠤᠷ ᠭᠠᠵᠠᠷ ᠤᠨ ᠳᠣᠲᠣᠷᠠᠬᠢ ᠲᠠᠷᠬᠠᠭᠠᠬᠤ ᠵᠠᠮ ᠪᠠ ᠠᠶᠤᠯᠭᠦᠢ ᠭᠠᠷᠬᠤ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠭᠰᠠᠨ ᠡᠰᠡᠬᠦ᠂ ᠭᠠᠯ ᠰᠡᠷᠭᠡᠶᠢᠯᠡᠨ ᠤᠨᠲᠠᠷᠠᠭᠠᠬᠤ ᠲᠥᠬᠦᠭᠡᠷᠦᠮᠵᠢ ᠪᠠᠭᠠᠵᠢ ᠬᠡᠷᠡᠭᠰᠡᠯ ᠨᠢ ᠪᠦᠷᠢᠨ ᠪᠦᠲᠦᠨ ᠪᠥᠭᠡᠳ ᠪᠦᠲᠦᠮᠵᠢᠲᠡᠶ ᠪᠠᠶᠢᠬᠤ ᠡᠰᠡᠬᠦ ᠪᠠ ᠲᠠᠯᠠᠪᠤᠷ ᠭᠠᠵᠠᠷ ᠤᠨ ᠬᠢᠨ ᠭᠠᠯ ᠴᠠᠬᠢᠯᠭᠠᠨ ᠢ ᠠᠶᠤᠯᠭᠦᠢ ᠬᠡᠷᠡᠭᠯᠡᠭᠰᠡᠨ ᠪᠠᠶᠢᠳᠠᠯ ᠵᠡᠷᠭᠡ ᠶᠢ ᠭᠤᠣᠯᠳᠠᠯᠭ᠎ᠠ ᠲᠠᠢ ᠨᠠᠷᠢᠨ ᠬᠢᠨᠠᠮᠠᠭᠠᠢ ᠪᠠᠶᠢᠴᠠᠭᠠᠪᠠ᠃ ᠡᠭᠦᠨ ᠤ ᠬᠠᠮᠲᠤ ᠠᠬᠤᠢ ᠲᠠᠯᠠᠪᠤᠷ ᠲᠤ ᠠᠵᠢᠯᠲᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠶᠡᠷᠦ ᠶᠢᠨ ᠮᠡᠳᠡᠯᠭᠡ ᠪᠠ ᠭᠠᠯ ᠤᠨᠲᠠᠷᠠᠭᠠᠬᠤ ᠪᠡᠯᠡᠳᠬᠡᠮᠵᠢ ᠪᠠᠭᠠᠵᠢ ᠬᠡᠷᠡᠭᠰᠡᠯ ᠢ ᠬᠡᠷᠡᠭᠯᠡᠵᠦ ᠡᠵᠡᠮᠰᠢᠭᠰᠡᠨ ᠪᠠᠶᠢᠳᠠᠯ ᠢ ᠲᠣᠬᠢᠶᠠᠯᠳᠤᠯ ᠢᠶᠠᠷ ᠠᠰᠠᠭᠤᠬᠤ ᠪᠠ ᠰᠤᠭᠤᠴᠢᠨ ᠪᠠᠶᠢᠴᠠᠭᠠᠪᠠ᠃ 
c5b0bc9fc93b4d949e977ca755eab7f.jpg   
    ᠪᠠᠶᠢᠴᠠᠭᠠᠯᠲᠠ ᠳᠤ ᠢᠯᠡᠷᠡᠭᠦᠯᠦᠭᠰᠡᠨ ᠠᠮᠤᠷ ᠲᠦᠪᠰᠢᠨ ᠤ ᠬᠡᠮ ᠰᠣᠭᠤᠭ ᠤᠨ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠭᠴᠢ ᠠᠴᠠ ᠲᠠᠯᠠᠪᠤᠷ ᠭᠠᠵᠠᠷ ᠤᠨ ᠬᠠᠷᠢᠭᠤᠴᠠᠯᠭᠠᠲᠠᠨ ᠢ ᠳᠠᠷᠤᠶᠢᠬᠠᠨ ᠴᠡᠭᠴᠡᠯᠡᠨ ᠰᠠᠶᠢᠵᠢᠷᠠᠭᠤᠯᠬᠤ ᠪᠠᠷ ᠵᠠᠷᠯᠢᠭᠳᠠᠬᠤ ᠶᠢᠨ ᠬᠠᠮᠲᠤ ᠲᠠᠯᠠᠪᠤᠷ ᠭᠠᠵᠠᠷ ᠤᠨ ᠬᠠᠷᠢᠭᠤᠴᠠᠯᠭᠠᠲᠠᠨ ᠳᠤ ᠡᠳᠦᠷ ᠲᠤᠲᠤᠮ ᠤᠨ ᠭᠠᠯ ᠰᠡᠷᠭᠡᠶᠢᠯᠡᠬᠦ ᠲᠣᠭᠤᠷᠢᠨ ᠪᠠᠶᠢᠴᠠᠭᠠᠯᠲᠠ ᠬᠢᠬᠦ ᠪᠠᠨ ᠦᠨᠡᠨᠬᠦ ᠴᠢᠩᠭᠠᠳᠬᠠᠵᠤ᠂ ᠠᠮᠤᠷ ᠲᠦᠪᠰᠢᠨ ᠭᠠᠷᠬᠤ ᠡᠭᠦᠳᠡ ᠪᠠ ᠲᠠᠷᠬᠠᠭᠠᠬᠤ ᠵᠠᠮ ᠤᠨ ᠰᠠᠭᠠᠳ ᠦᠭᠡᠢ ᠨᠡᠪᠲᠡᠷᠡᠬᠦ᠂ ᠭᠠᠯ ᠤᠨᠲᠠᠷᠠᠭᠠᠬᠤ ᠪᠡᠯᠡᠳᠬᠡᠮᠵᠢ ᠶᠢᠨ ᠠᠵᠢᠯᠯᠠᠭᠠᠨ ᠬᠡᠪ ᠤᠨ ᠪᠠᠶᠢᠬᠤ᠂ ᠭᠠᠯ ᠤᠨᠲᠠᠷᠠᠭᠠᠬᠤ ᠡᠵᠡᠮᠳᠡᠯ ᠤᠨ ᠲᠠᠰᠤᠭ ᠤᠨ ᠠᠵᠢᠯᠲᠠᠨ ᠤ ᠠᠵᠢᠯ ᠤᠨ ᠪᠠᠶᠢᠷᠢ ᠳᠠᠭᠠᠨ ᠪᠠᠶᠢᠬᠤ ᠶᠢ ᠴᠠᠭ ᠢᠮᠠᠭᠲᠠ ᠪᠠᠲᠤᠯᠠᠬᠤ ᠬᠡᠷᠡᠭᠲᠡᠢ ᠭᠡᠵᠦ ᠵᠠᠬᠢᠪᠠ᠃
c7256b9d2c63dad49574d6e4890c5b0.jpg   
    ᠲᠤᠰ ᠤᠳᠠᠭᠠᠨ ᠤ ᠪᠠᠶᠢᠴᠠᠭᠠᠯᠲᠠ ᠳᠤ ᠭᠤᠣᠯᠳᠠᠯᠭ᠎ᠠ ᠲᠠᠢ ᠨᠢᠭᠡᠴᠡ ᠲᠠᠯᠠᠪᠤᠷ ᠲᠤ ᠣᠷᠣᠰᠢᠵᠤ ᠪᠠᠶᠢᠭ᠎ᠠ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠢ ᠳᠤᠨᠢ ᠢᠯᠡᠷᠡᠭᠦᠯᠦᠭᠰᠡᠨ ᠪᠥᠭᠡᠳ ᠠᠷᠢᠯᠭᠠᠵᠤ᠂ ᠬᠠᠮᠢᠶ᠎ᠠ ᠪᠦᠬᠦᠢ ᠭᠠᠵᠠᠷ ᠲᠠᠯᠠᠪᠤᠷ ᠬᠢᠨ ᠤ ᠭᠠᠯ ᠤᠨᠲᠠᠷᠠᠭᠠᠵᠤ ᠠᠮᠤᠷ ᠲᠦᠪᠰᠢᠨ ᠢ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠪᠦᠲᠦᠮᠵᠢᠲᠡᠶ ᠱᠠᠯᠠᠪᠳᠠᠵᠤ᠂ ᠬᠠᠮᠢᠶᠠᠷᠤᠯᠲᠠ ᠶᠢᠨ ᠠᠵᠢᠯᠲᠠᠨ ᠤ ᠭᠠᠯ ᠤᠨᠲᠠᠷᠠᠭᠠᠵᠤ ᠠᠮᠤᠷ ᠲᠦᠪᠰᠢᠨ ᠢ ᠬᠠᠮᠠᠭᠠᠯᠠᠬᠤ ᠦᠵᠡᠯ ᠤᠬᠠᠮᠰᠠᠷ ᠪᠣᠯᠣᠨ ᠬᠠᠮᠢᠶᠠᠷᠤᠯᠲᠠ ᠶᠢᠨ ᠴᠢᠳᠠᠪᠤᠷᠢ ᠶᠢ ᠨᠢ ᠵᠢᠯᠣᠭᠤᠳᠤᠨ ᠳᠡᠭᠡᠭᠰᠢᠯᠡᠭᠦᠯᠵᠦ᠂ ᠡᠯ᠎ᠡ ᠭᠤᠣᠯᠳᠠᠯᠭ᠎ᠠ ᠲᠠᠢ ᠨᠢᠭᠡᠴᠡ ᠶᠢᠨ ᠬᠢᠨ ᠭᠠᠯ ᠤᠨᠲᠠᠷᠠᠭᠠᠵᠤ ᠠᠮᠤᠷ ᠲᠦᠪᠰᠢᠨ ᠢ ᠬᠠᠮᠠᠭᠠᠯᠠᠬᠤ ᠶᠢ ᠦᠨᠡᠨᠬᠦ ᠪᠠᠲᠤᠯᠠᠵᠤ᠂ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠬᠤᠭᠤᠴᠠᠭᠠᠨ ᠳᠠᠬᠢ ᠭᠠᠯ ᠤᠨᠲᠠᠷᠠᠭᠠᠵᠤ  ᠠᠮᠤᠷ ᠲᠦᠪᠰᠢᠨ ᠢ ᠬᠠᠮᠠᠭᠠᠯᠠᠬᠤ ᠪᠠᠶᠢᠳᠠᠯ ᠢ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠣᠯᠠᠬᠤ ᠳᠤ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号