| ᠡᠨᠡ ᠵᠢᠯ ᠪᠣᠷᠣᠭᠠᠨ ᠣᠯᠠᠨᠲᠠ ᠣᠷᠣᠭᠰᠠᠨ ᠪᠥᠭᠡᠳ ᠪᠣᠷᠣᠭᠠᠨ ᠶᠡᠭᠡ ᠪᠣᠯᠬᠤᠷ ᠬᠡᠰᠡᠭ ᠲᠣᠰᠬᠤᠨ ᠤ ᠲᠠᠷᠢᠶᠠᠨ | ᠳᠤᠮᠳᠠᠬᠢ ᠵᠠᠮ ᠨᠢ ᠪᠣᠷᠣᠭᠠᠨ ᠤ ᠤᠰᠤᠨ ᠳᠤ ᠤᠷᠤᠰᠬᠠᠭᠳᠠᠨ᠂ ᠵᠠᠮ ᠤᠨ ᠬᠡᠰᠡᠭ ᠲᠤ ᠠᠳᠠᠯᠢ ᠪᠤᠰᠤ ᠬᠡᠮᠵᠢᠶ᠎ᠡ ᠪᠠᠷ | ᠬᠤᠲᠣᠭᠤᠷ ᠬᠦᠲᠦᠭᠦᠷ ᠪᠣᠯᠵᠤ᠂ ᠨᠠᠮᠤᠷ ᠤᠨ ᠬᠤᠷᠢᠶᠠᠯᠲᠠ ᠶᠢᠨ ᠮᠠᠰᠢᠨ ᠮᠧᠬᠠᠨᠢᠭ ᠢᠶᠠᠷ ᠣᠷᠣᠵᠤ ᠭᠠᠷᠬᠤ ᠪᠠ ᠠᠮᠤ | ᠪᠤᠳᠠᠭ᠎ᠠ ᠵᠥᠭᠡᠭᠡᠪᠦᠷᠢᠯᠡᠬᠦ ᠳᠤ ᠲᠤᠶᠢᠯ ᠤᠨ ᠳᠥᠭᠦᠮ ᠦᠭᠡᠢ ᠪᠣᠯᠤᠭᠰᠠᠨ ᠪᠠᠶᠢᠨ᠎ᠠ᠃ ᠨᠠᠮᠤᠷ ᠤᠨ ᠬᠤᠷᠢᠶᠠᠯᠲᠠ ᠶᠢᠨ | ᠬᠤᠭᠤᠴᠠᠭᠠᠨ ᠳᠠᠬᠢ ᠲᠠᠷᠢᠶᠠᠨ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ | ᠰᠢᠶᠠᠩᠱᠠᠨ ᠪᠠᠯᠭᠠᠰᠤᠨ ᠤ ᠬᠢᠨ ᠡᠯ᠎ᠡ ᠲᠣᠰᠬᠤᠨ ᠢ ᠢᠳᠡᠪᠬᠢᠲᠡᠢ ᠪᠠᠷ ᠵᠣᠬᠢᠶᠠᠨ ᠪᠠᠶᠢᠭᠤᠯᠵᠤ ᠪᠠᠶᠢᠭᠠᠳ | ᠤᠳᠬᠤᠭᠤᠷ ᠲᠡᠷᠭᠡ ᠪᠠ ᠬᠥᠷᠪᠡᠭᠦᠯᠬᠦ ᠲᠡᠷᠭᠡ ᠶᠢ ᠬᠥᠳᠡᠯᠭᠡᠨ᠂ ᠡᠯᠡᠰᠦ ᠰᠢᠷᠣᠢ ᠵᠥᠭᠡᠭᠡᠪᠦᠷᠢᠯᠡᠵᠦ᠂ ᠲᠠᠷᠢᠶᠠᠨ | ᠭᠠᠵᠠᠷ ᠤᠨ ᠵᠠᠮ ᠢ ᠳᠡᠪᠢᠰᠴᠦ ᠲᠡᠭᠰᠢᠯᠡᠭᠰᠡᠨ ᠪᠦᠭᠡᠳ ᠬᠠᠷᠢᠶ᠎ᠠ ᠣᠷᠣᠨ ᠤ ᠵᠠᠮ ᠢ ᠪᠠᠶᠢᠩᠭᠤ ᠲᠣᠭᠤᠷᠢᠨ | ᠪᠠᠶᠢᠴᠠᠭᠠᠵᠤ᠂ ᠡᠪᠳᠡᠷᠡᠵᠦ ᠰᠦᠢᠳᠦᠭᠰᠡᠨ ᠵᠠᠮ ᠢ ᠴᠠᠭ ᠲᠤᠬᠠᠢ ᠳᠤᠨᠢ ᠵᠠᠰᠠᠨ ᠰᠡᠯᠪᠢᠵᠦ᠂ ᠬᠠᠷᠢᠶ᠎ᠠ ᠣᠷᠣᠨ ᠤ | ᠲᠠᠷᠢᠶᠠᠨ ᠭᠠᠵᠠᠷ ᠤᠨ ᠵᠠᠮ ᠪᠣᠯᠭᠠᠨ ᠢ ᠰᠠᠭᠠᠳ ᠦᠭᠡᠢ ᠨᠡᠪᠲᠡᠷᠡᠭᠦᠯᠬᠦ ᠶᠢ ᠪᠠᠲᠤᠯᠠᠵᠤ᠂ ᠨᠠᠮᠤᠷ ᠤᠨ ᠬᠤᠷᠢᠶᠠᠯᠲᠠ | ᠶᠢᠨ ᠠᠵᠢᠯ ᠢ ᠥᠨᠳᠥᠷ ᠪᠠᠷᠢᠮᠵᠢᠶ᠎ᠠ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠣᠯᠠᠪᠠ᠃ | | |