ᠣᠶᠢᠷ᠎ᠠ ᠶᠢᠨ ᠵᠢᠯ ᠳᠤ᠂ ᠵᠠᠷᠤᠳ ᠬᠤᠰᠢᠭᠤᠨ ᠤ ᠯᠦᠪᠧᠢ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ | ᠡᠷᠬᠡ ᠲᠤᠰᠢᠶᠠᠯ ᠢᠶᠠᠨ ᠦᠨᠡᠨᠴᠢ ᠪᠠᠷ ᠭᠦᠢᠴᠡᠳᠬᠡᠵᠦ᠂ ᠬᠠᠷᠢᠶᠠᠲᠤ ᠣᠷᠣᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠤᠨ ᠬᠥᠲᠥᠯᠥᠨ ᠵᠢᠯᠤᠭᠤᠳᠴᠤ ᠪᠠᠶᠢᠭᠠᠳ ᠤᠯᠠᠨ | ᠲᠦᠮᠡᠨ ᠲᠠᠢ ᠨᠢᠭᠲᠠ ᠬᠠᠷᠢᠯᠴᠠᠬᠤ ᠳᠠᠪᠠᠭᠤᠯᠢᠭ ᠢᠶᠠᠨ ᠪᠠᠳᠠᠷᠠᠭᠤᠯᠵᠤ᠂ ᠬᠠᠷᠢᠭᠤᠴᠠᠯᠭ᠎ᠠ ᠡᠭᠦᠷᠭᠡᠯᠡᠨ ᠬᠦᠴᠦᠯᠡᠨ | ᠤᠷᠤᠭᠰᠢᠯᠠᠵᠤ᠂ ᠪᠣᠳᠠᠲᠠᠢ ᠠᠵᠢᠯᠯᠠᠵᠦ ᠡᠷᠡᠰ ᠰᠢᠭᠤᠷᠬᠠᠢ ᠪᠠᠷ ᠤᠷᠤᠭᠰᠢᠯᠠᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠭᠤᠣᠯ ᠳᠠᠶᠢᠨ ᠤ ᠲᠠᠯᠠᠪᠤᠷ ᠲᠤ ᠢᠳᠡᠪᠬᠢᠲᠡᠢ ᠣᠷᠣᠯᠴᠠᠵᠤ᠂ ᠤᠯᠠᠨ ᠲᠦᠮᠡᠨ ᠢ | ᠳᠠᠶᠢᠴᠢᠯᠠᠨ ᠬᠠᠮᠲᠤ ᠪᠠᠷ ᠪᠠᠶᠠᠵᠢᠨ ᠴᠢᠨᠡᠭᠡᠯᠢᠭᠵᠢᠬᠦ ᠶᠢ ᠪᠡᠶᠡᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠠᠬᠢᠭᠤᠯᠬᠤ ᠳᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠬᠦᠴᠦᠨ ᠴᠢᠳᠠᠯ ᠢᠶᠠᠨ ᠨᠡᠮᠡᠷᠢᠯᠡᠪᠡ᠃ | ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠵᠤ | ᠬᠠᠮᠲᠤᠪᠠᠷ ᠴᠢᠨᠡᠭᠡᠯᠢᠭᠵᠢᠬᠦ ᠶᠢ ᠪᠡᠶᠡᠯᠡᠭᠦᠯᠬᠦ ᠳᠤ ᠵᠠᠪᠠᠯ ᠶᠠᠪᠤᠬᠤ ᠵᠠᠮ ᠮᠥᠨ᠃ ᠯᠦᠪᠧᠢ ᠪᠠᠯᠭᠠᠰᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠬᠥᠳᠡᠭᠡ ᠲᠣᠰᠬᠤᠨ ᠤ ᠠᠵᠤ ᠦᠢᠯᠡᠰ ᠢ | ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢ ᠴᠢᠬᠤᠯᠠ ᠠᠷᠭ᠎ᠠ ᠬᠡᠮᠵᠢᠶ᠎ᠡ ᠪᠣᠯᠭᠠᠬᠤ ᠶᠢ ᠪᠠᠷᠢᠮᠲᠠᠯᠠᠵᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠦᠷᠦᠭᠦᠯᠡᠨ ᠦᠢᠯᠡᠰ ᠪᠣᠰᠬᠠᠬᠤ ᠶᠢ | ᠵᠣᠷᠢᠭᠵᠢᠭᠤᠯᠤᠨ ᠬᠥᠲᠥᠯᠥᠨ ᠵᠢᠯᠤᠭᠤᠳᠴᠤ᠂ ︽ᠲᠡᠵᠢᠭᠡᠪᠤᠷᠢ ᠶᠢᠨ ᠲᠣᠮᠣ ᠡᠷᠦᠬᠡ︾ ︽ᠪᠠᠶᠠᠵᠢᠭᠰᠠᠨ | ᠴᠢᠳᠠᠪᠤᠷᠢᠲᠠᠨ︾ ᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠬᠥᠳᠡᠭᠡ ᠲᠣᠰᠬᠤᠨ ᠤ ᠠᠵᠤ ᠦᠢᠯᠡᠰ ᠤᠨ | ᠬᠥᠭᠵᠢᠯ ᠪᠠᠳᠠᠷᠠᠯ ᠢ ᠲᠠᠶᠢᠴᠢᠯᠠᠪᠠ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠠᠩ ᠽᠢ ᠰᠢᠤᠸᠠᠢ ᠠᠴᠠ᠂ ᠰᠢᠨ᠎ᠡ | ᠤᠢ ᠰᠢᠭᠤᠢ ᠲᠠᠷᠢᠶᠠᠯᠠᠩ ᠤᠨ ᠲᠤᠰᠬᠠᠢ ᠮᠡᠷᠭᠡᠵᠢᠯ ᠤᠨ ᠲᠠᠷᠢᠮᠠᠯ ᠤᠨ ᠬᠤᠷᠰᠢᠶ᠎ᠠ ᠶᠢ ᠵᠣᠬᠢᠶᠠᠨ ᠪᠠᠶᠢᠭᠤᠯᠵᠤ᠂ | ᠢᠩᠲᠣᠣᠷ᠂ ᠥᠯᠵᠡᠶᠢᠲᠦ ᠲᠤᠭᠤᠷ ᠵᠡᠷᠭᠡ ᠰᠢᠯᠢᠳᠡᠭ ᠵᠢᠮᠢᠰ ᠤᠨ ᠮᠣᠳᠣᠨ ᠤ ᠲᠦᠷᠦᠯ ᠵᠦᠢᠯ ᠢ ᠨᠢᠮᠪᠠᠢ | ᠪᠣᠶᠢᠵᠢᠭᠤᠯᠵᠤ᠂ ᠵᠢᠯ ᠳᠤ ᠵᠢᠮᠢᠰ ᠤᠨ ᠭᠠᠷᠤᠯᠲᠠ ᠨᠢ 15.6 ᠲᠦᠮᠡᠨ ᠵᠢᠩ ᠬᠦᠷᠴᠤ᠂ ᠡᠷᠬᠢᠨ ᠲᠣᠭᠤᠷᠢᠨ ᠤ | ᠲᠣᠰᠬᠤᠨ ᠤ ᠠᠷᠠᠳ ᠲᠤ ᠤᠷᠳᠤ ᠬᠤᠭᠤᠴᠠᠭ᠎ᠠ ᠪᠠᠷ ᠲᠣᠭᠲᠠᠭᠤᠨ ᠢᠶᠠᠷ ᠠᠵᠢᠯ ᠣᠯᠭᠤᠵᠤ᠂ ᠪᠦᠬᠦ ᠪᠠᠯᠭᠠᠰᠤᠨ ᠤ | ᠤᠢ ᠰᠢᠭᠤᠢ ᠵᠢᠮᠢᠰ ᠤᠨ ᠠᠵᠤ ᠦᠢᠯᠡᠰ ᠤᠨ ᠥᠷᠨᠢᠩᠭᠦᠢ ᠬᠥᠭᠵᠢᠯᠲᠡ ᠶᠢ ᠲᠠᠶᠢᠴᠢᠯᠠᠪᠠ︔ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠱᠧᠨ ᠺᠦᠢ ᠸᠧᠢ ᠠᠴᠠ᠂ ᠸᠠᠨ ᠦ᠋ ᠱᠧᠩ ᠢᠳᠡᠰᠢᠨ ᠤ | ᠮᠦᠬᠦ ᠶᠢᠨ ᠲᠠᠷᠢᠮᠠᠯ ᠤᠨ ᠲᠤᠰᠬᠠᠢ ᠬᠤᠷᠰᠢᠶ᠎ᠠ ᠶᠢ ᠳᠠᠩᠰᠠᠯᠠᠭᠤᠯᠵᠤ᠂ ᠲᠣᠰᠬᠤᠨ ᠤ ᠠᠷᠠᠳ ᠢ ᠳᠠᠭᠠᠭᠤᠯᠤᠨ ᠴᠢᠨᠠᠷ | ᠰᠠᠶᠢᠲᠠᠢ ᠤᠯᠠᠭᠠᠨ ᠨᠠᠷᠠᠰᠤᠨ ᠮᠦᠭᠦ ᠲᠠᠷᠢᠵᠤ᠂ ᠮᠦ ᠪᠦᠷᠢ ᠶᠢᠨ ᠤᠨᠠᠯᠲᠠ 5000 ᠵᠢᠩ ᠣᠷᠴᠢᠮ ᠬᠦᠷᠴᠤ᠂ | ᠵᠢᠯ ᠤᠨ ᠣᠷᠣᠯᠭ᠎ᠠ 30 ᠲᠦᠮᠡᠨ ᠲᠥᠭᠦᠷᠢᠭ ᠠᠴᠠ ᠳᠡᠭᠡᠭᠰᠢ ᠪᠤᠯᠵᠦ᠂ ᠤᠢ ᠶᠢᠨ ᠠᠵᠤ ᠠᠬᠤᠢ ᠶᠢᠨ ᠲᠠᠷᠢᠮᠠᠯ ᠤᠨ | ᠬᠥᠭᠵᠢᠯᠲᠡ ᠶᠢ ᠳᠠᠶᠢᠴᠢᠯᠠᠭᠰᠠᠨ ᠪᠥᠭᠡᠳ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ | ᠥᠷᠭᠡᠳᠬᠡᠵᠦ᠂ ᠪᠣᠬᠢᠷᠳᠤᠯ ᠦᠭᠡᠢ ᠬᠥᠭᠵᠢᠯᠲᠡ ᠶᠢᠨ ᠵᠠᠮ ᠢ ᠨᠡᠭᠡᠭᠡᠪᠡ︔ ᠠᠷᠠᠳ ᠤᠨ ᠶᠡᠭᠡ ᠬᠤᠷᠠᠯ ᠤᠨ | ᠲᠥᠯᠥᠭᠡᠯᠡᠭᠴᠢ ᠵᠠᠩ ᠬᠠᠢ ᠯᠢᠶᠠᠩ᠂ ᠪᠦᠬᠦ ᠬᠤᠰᠢᠭᠤᠨ ᠤ ᠦᠭᠡᠷ ᠤᠨ ᠪᠦᠬᠦ ᠠᠵᠤ ᠦᠢᠯᠡᠰ ᠤᠨ ᠬᠡᠯᠬᠢᠶ᠎ᠡ ᠶᠢ | ᠲᠦᠷᠭᠡᠳᠬᠡᠨ ᠬᠥᠭᠵᠢᠭᠦᠯᠬᠦ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ | ᠵᠠᠷᠤᠳ ᠬᠤᠰᠢᠭᠤᠨ ᠤ ᠲᠠᠯ᠎ᠠ ᠨᠤᠲᠤᠭ ᠤᠨ ᠠᠯᠠᠰᠢᠨ ᠦᠬᠡᠷ ᠤᠨ ᠠᠵᠤ ᠦᠢᠯᠡᠰ ᠤᠨ ᠨᠡᠶᠢᠭᠡᠮᠯᠢᠭ ᠢ ᠲᠦᠷᠦᠭᠦᠯᠡᠨ | ᠪᠠᠶᠢᠭᠤᠯᠵᠤ᠂ ᠣᠲᠣ 500 ᠭᠠᠷᠤᠢ ᠭᠡᠰᠢᠭᠦᠨ ᠲᠠᠢ᠂ 40 ᠭᠠᠷᠤᠢ ᠬᠤᠪᠢᠶᠠᠷᠢ ᠲᠠᠯᠠᠪᠠᠢ ᠳᠤ ᠫᠠᠶᠢᠰᠠ ᠡᠯᠭᠦᠨ᠂ | ᠠᠯᠠᠰᠢᠨ ᠦᠬᠡᠷ ᠤᠨ ᠠᠵᠤ ᠦᠢᠯᠡᠰ ᠤᠨ ᠬᠡᠯᠬᠢᠶ᠎ᠡ ᠳᠠᠬᠢ ᠪᠣᠶ ᠪᠦᠬᠦᠢ ᠰᠢᠯᠢᠳᠡᠭ ᠡᠬᠢ ᠪᠠᠶᠠᠯᠢᠭ ᠢ ᠡᠮᠬᠢᠯᠡᠨ | ᠨᠡᠶᠢᠯᠡᠭᠦᠯᠵᠦ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠣᠯᠣᠭᠠᠶᠢᠯᠠᠭᠴᠢ ᠠᠵᠤ ᠠᠬᠤᠶᠢᠯᠠᠯ᠂ ᠬᠤᠷᠰᠢᠶ᠎ᠠ᠂ | ᠲᠡᠵᠢᠭᠡᠪᠤᠷᠢ ᠶᠢᠨ ᠲᠣᠮᠣ ᠡᠷᠦᠬᠡ ᠶᠢ ᠳᠠᠶᠢᠴᠢᠯᠠᠨ ᠦᠬᠡᠷ ᠤᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠪᠥᠬᠦ | ᠬᠤᠰᠢᠭᠤᠨ ᠤ ᠦᠬᠡᠷ ᠤᠨ ᠠᠵᠤ ᠦᠢᠯᠡᠰ ᠢ ᠬᠡᠪᠴᠢᠶᠡᠵᠢᠭᠦᠯᠦᠨ᠂ ᠠᠵᠤ ᠦᠶᠢᠯᠡᠰᠵᠢᠭᠦᠯᠦᠨ ᠬᠥᠭᠵᠢᠭᠦᠯᠪᠡ ᠁ | ᠯᠦᠪᠧᠢ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠠᠴᠠ | ᠬᠥᠳᠡᠭᠡ ᠲᠣᠰᠬᠤᠨ ᠤ ᠬᠥᠭᠵᠢᠯᠲᠡ ᠶᠢᠨ ︽ᠴᠢᠳᠠᠪᠤᠷᠢᠲᠠᠨ︾᠂ ᠠᠵᠤ ᠦᠢᠯᠡᠰ ᠤᠨ ︽ᠲᠣᠮᠣ ᠡᠷᠦᠬᠡ︾ ᠶᠢᠨ | ᠳᠠᠪᠠᠭᠤᠯᠢᠭ ᠢ ᠭᠦᠢᠴᠡᠳ ᠠᠰᠢᠭᠯᠠᠵᠤ᠂ ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠨ ᠳᠤ ᠠᠵᠤ ᠦᠢᠯᠡᠰ ᠤᠨ | ᠬᠥᠭᠵᠢᠯᠲᠡ ᠶᠢᠨ ᠰᠢᠨ᠎ᠡ ᠮᠡᠷᠭᠡᠵᠢᠯ ᠰᠢᠨ᠎ᠡ ᠣᠶᠢᠯᠠᠭᠠᠭᠳᠠᠬᠤᠨ ᠢ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠬᠦᠷᠭᠡᠵᠦ᠂ | ᠤᠯᠠᠨ ᠲᠦᠮᠡᠨ ᠲᠠᠢ ᠬᠠᠷᠢᠯᠴᠠᠬᠤ ︽ᠤᠯᠠᠮᠵᠢᠯᠠᠬᠤ᠂ ᠬᠠᠪᠰᠤᠷᠬᠤ᠂ ᠳᠠᠭᠠᠭᠤᠯᠬᠤ︾ ᠵᠠᠭᠪᠤᠷ ᠢ ᠪᠦᠷᠢᠯᠳᠦᠭᠦᠯᠵᠦ᠂ | ᠥᠷᠭᠡᠨ ᠤᠯᠠᠨ ᠲᠦᠮᠡᠨ ᠤ ᠠᠵᠤ ᠦᠢᠯᠡᠰ ᠢ ᠢᠳᠡᠪᠬᠢᠲᠡᠢ ᠬᠥᠭᠵᠢᠭᠦᠯᠬᠦ ᠳᠣᠲᠣᠭᠠᠳᠤ ᠬᠥᠳᠡᠯᠭᠡᠭᠦ ᠬᠦᠴᠦᠨ ᠢ | ᠬᠥᠭᠵᠢᠭᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠬᠦ ᠳᠤᠮᠳᠠᠬᠢ ᠬᠥᠲᠥᠯᠥᠨ ᠳᠠᠭᠠᠭᠤᠯᠬᠤ ᠪᠠ ᠳᠡᠮᠵᠢᠬᠦ ᠦᠢᠯᠡᠳᠦᠯ ᠢ | ᠪᠠᠳᠠᠷᠠᠭᠤᠯᠪᠠ᠃ | ᠣᠶᠢᠷ᠎ᠠ ᠶᠢᠨ ᠵᠢᠯ ᠳᠤ᠂ ᠯᠦᠪᠧᠢ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠡᠷᠢᠭᠦᠯᠡᠭᠴᠢᠳ ᠤᠨ ᠪᠦᠯᠬᠦᠮ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠪᠠᠷ | ᠭᠠᠷᠳᠠᠴᠠ ᠪᠣᠯᠭᠠᠵᠤ᠂ ᠪᠦᠬᠦ ᠪᠠᠯᠭᠠᠰᠤᠨ ᠤ ᠡᠯ᠎ᠡ ᠱᠠᠲᠤᠨ ᠤ ᠲᠥᠯᠥᠭᠡᠯᠡᠭᠴᠢᠳ ᠢ ᠲᠠᠶᠢᠴᠢᠯᠠᠨ ᠠᠷᠠᠯᠵᠢᠶᠠᠴᠢᠨ | ᠤᠷᠢᠵᠤ ᠪᠡᠯᠡ ᠲᠠᠳᠠᠬᠤ ᠪᠠ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠠᠩᠬᠠᠷᠤᠯ ᠲᠠᠯᠪᠢᠵᠦ | ᠬᠦᠴᠦᠨ ᠢᠶᠠᠨ ᠲᠥᠪᠯᠡᠷᠡᠭᠦᠯᠪᠡ᠃ ᠡᠨᠡ ᠵᠢᠯ᠂ ᠲᠤᠰ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠠᠴᠠ ᠨᠢᠭᠡᠨᠳᠡ 7 ᠠᠷᠠᠯᠵᠢᠶᠠᠴᠢᠨ ᠤᠷᠢᠵᠤ ᠪᠡᠯᠡ ᠲᠠᠳᠠᠬᠤ ᠲᠥᠷᠥᠯ ᠵᠦᠢᠯ ᠢ ᠢᠳᠡᠪᠬᠢᠲᠡᠢ ᠪᠠᠷ | ᠵᠣᠯᠭᠠᠭᠤᠯᠵᠤ᠂ ᠪᠥᠬᠦ ᠪᠠᠯᠭᠠᠰᠤ ᠶᠢᠨ 3 ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠬᠤ | ᠲᠥᠷᠥᠯ ᠵᠦᠢᠯ᠂ 1 ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠪᠠᠷ ᠲᠡᠳᠬᠦᠬᠦ ᠲᠥᠷᠥᠯ | ᠵᠦᠢᠯ ᠪᠠ 7 ᠭᠠᠴᠠᠭ᠎ᠠ ᠲᠣᠰᠬᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠡᠯᠡ | ᠮᠥᠩᠭᠦ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠠᠵᠤ ᠦᠢᠯᠡᠰ ᠤᠨ ᠬᠥᠭᠵᠢᠯᠲᠡ ᠶᠢᠨ | ᠬᠦᠷᠢᠶᠡᠨ ᠳᠠᠬᠢ ᠦᠢᠯᠡᠳᠦᠯᠭᠡᠵᠢᠭᠦᠯᠦᠭᠴᠢ᠂ ᠳᠠᠭᠠᠭᠤᠯᠤᠭᠴᠢ ᠪᠣᠯᠬᠤ ᠪᠠᠷ ᠴᠢᠷᠮᠠᠶᠢᠨ ᠠᠵᠢᠯᠯᠠᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠠᠵᠤ ᠦᠢᠯᠡᠰ ᠤᠨ ᠬᠥᠭᠵᠢᠯᠲᠡ ᠳᠤ ᠬᠦᠴᠦᠨ | ᠨᠡᠮᠡᠷᠢᠯᠡᠬᠦ ᠬᠥᠳᠡᠯᠭᠡᠭᠦ ᠬᠦᠴᠦᠨ ᠪᠠ ᠢᠲᠡᠭᠡᠯ ᠢ ᠲᠤᠶᠢᠯ ᠤᠨ ᠶᠡᠭᠡ ᠪᠠᠷ ᠨᠡᠮᠡᠭᠳᠡᠭᠦᠯᠵᠦ᠂ ᠪᠥᠬᠦ ᠪᠠᠯᠭᠠᠰᠤᠨ ᠤ ᠠᠵᠤ | ᠦᠢᠯᠡᠰ ᠤᠨ ᠴᠢᠨᠠᠷ ᠰᠠᠶᠢᠲᠠᠢ ᠥᠨᠳᠥᠷ ᠪᠦᠲᠦᠮᠵᠢᠲᠡᠶ ᠬᠥᠭᠵᠢᠯᠲᠡ ᠶᠢ ᠬᠦᠴᠦᠲᠡᠢ ᠲᠦᠯᠬᠢᠨ ᠠᠬᠢᠭᠤᠯᠪᠠ᠃ | ᠡᠭᠦᠨ ᠤ ᠵᠡᠷᠭᠡᠪᠡᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠵᠠᠮ | ᠳᠡᠭᠡᠷ᠎ᠡ᠂ ᠯᠦᠪᠧᠢ ᠪᠠᠯᠭᠠᠰᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠬᠢᠨ ᠢᠮᠠᠭᠲᠠ ᠠᠷᠠᠳ | ᠲᠦᠮᠡᠨ ᠢᠶᠠᠷ ᠭᠤᠣᠯ ᠪᠣᠯᠭᠠᠬᠤ ᠦᠵᠡᠯ ᠰᠠᠨᠠᠭ᠎ᠠ ᠶᠢ ᠪᠠᠷᠢᠮᠲᠠᠯᠠᠵᠤ᠂ ᠳᠡᠭᠡᠳᠦ ᠬᠡᠮᠵᠢᠶᠡᠨ ᠤ ᠡᠵᠡᠨ ᠬᠥᠮᠥᠨ ᠤ | ᠤᠬᠠᠮᠰᠠᠷ ᠢᠶᠠᠷ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠳᠡᠭᠡᠭᠰᠢᠯᠡᠭᠦᠯᠬᠦ ᠪᠠ ᠤᠯᠠᠨ ᠲᠦᠮᠡᠨ ᠤ ᠲᠤᠰ | ᠪᠡᠶ᠎ᠡ ᠶᠢᠨ ᠠᠰᠢᠭ ᠲᠤᠰᠠ ᠶᠢ ᠬᠠᠮᠠᠭᠠᠯᠠᠬᠤ ᠲᠠᠯ᠎ᠠ ᠶᠢᠨ ᠠᠰᠠᠭᠤᠳᠠᠯ ᠢ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠢᠨᠠᠯᠲᠠ ᠲᠠᠯᠪᠢᠬᠤ ᠭᠤᠣᠯᠳᠠᠯᠭ᠎ᠠ ᠲᠠᠢ ᠠᠭᠤᠯᠭ᠎ᠠ ᠪᠣᠯᠭᠠᠵᠤ᠂ ᠠᠷᠠᠳ ᠤᠨ ᠲᠦᠯᠤᠭᠡᠯᠡᠭᠴᠢ ᠶᠢᠨ ᠶᠡᠭᠡ | ᠬᠤᠷᠠᠯ ᠤᠨ ᠡᠯ᠎ᠡ ᠵᠦᠢᠯ ᠤᠨ ᠡᠷᠬᠡ ᠲᠤᠰᠢᠶᠠᠯ ᠢᠶᠠᠨ ᠬᠠᠤᠯᠢ ᠶᠣᠰᠣᠭᠠᠷ ᠰᠠᠶᠢᠳᠤᠷ ᠬᠡᠷᠡᠭᠵᠢᠭᠦᠯᠪᠡ᠃ ᠡᠯ᠎ᠡ | ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠤᠨ | ᠣᠨᠴᠠᠯᠢᠭᠲᠤ ᠠᠵᠤ ᠦᠢᠯᠡᠰ ᠤᠨ ᠬᠥᠭᠵᠢᠯᠲᠡ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠪᠠᠶᠢᠴᠠᠭᠠᠨ ᠰᠤᠳᠤᠯᠵᠦ᠂ ᠬᠢᠵᠢᠭ ᠢ ᠰᠡᠷᠭᠡᠶᠢᠯᠡᠨ ᠡᠵᠡᠮᠳᠡᠬᠦ᠂ ᠠᠶᠤᠯᠭᠦᠢ ᠦᠢᠯᠡᠳᠪᠦᠷᠢᠯᠡᠯ᠂ | ᠦᠶᠡᠷ ᠢ ᠰᠡᠷᠭᠡᠶᠢᠯᠡᠬᠦ ᠭᠠᠮᠰᠢᠭ ᠢ ᠡᠰᠡᠷᠭᠦᠴᠡᠬᠦ᠂ ᠠᠷᠢᠭᠤᠨ ᠴᠡᠪᠡᠷ ᠢ ᠴᠡᠭᠴᠡᠯᠡᠨ ᠵᠠᠰᠠᠬᠤ᠂ ᠲᠠᠷᠢᠶᠠᠯᠠᠩ ᠤᠰᠤᠨ | ᠠᠰᠢᠭᠯᠠᠯᠲᠠ ᠵᠡᠷᠭᠡ ᠭᠤᠣᠯᠳᠠᠯᠭ᠎ᠠ ᠲᠠᠢ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠥᠷᠨᠢᠭᠦᠯᠵᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠰᠠᠨᠠᠭᠠᠴᠢᠯᠠᠭ᠎ᠠ ᠠᠴᠠ ᠪᠠᠨ ᠠᠷᠭ᠎ᠠ ᠤᠬᠠᠭᠠᠨ | ᠭᠠᠷᠭᠠᠵᠤ᠂ ᠵᠠᠰᠠᠭ ᠤᠨ ᠣᠷᠳᠣᠨ ᠤ ᠡᠯ᠎ᠡ ᠡᠭᠦᠷᠭᠡ ᠴᠢᠳᠠᠪᠬᠢᠲᠤ ᠰᠠᠯᠠᠭ᠎ᠠ ᠮᠥᠴᠢᠷ ᠢ ᠱᠠᠭᠠᠷᠳᠠᠨ ᠠᠷᠠᠳ | ᠲᠦᠮᠡᠨ ᠳᠤ ᠦᠢᠯᠡᠴᠢᠯᠡᠬᠦ ᠤᠬᠠᠮᠰᠠᠷ ᠢ ᠨᠢ ᠦᠨᠡᠨᠬᠦ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠶᠢ ᠦᠨᠡᠨᠬᠦ ᠪᠠᠲᠤᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ︽ᠲᠦᠷᠭᠡᠳᠭᠡᠭᠦᠷ | ︾ ᠨᠡᠮᠡᠷᠢᠯᠡᠨ᠎ᠡ᠃ | ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠦᠨᠳᠦᠰᠦᠲᠡᠨ ᠤ | ᠪᠦᠯᠬᠦᠮᠳᠡᠯ ᠲᠠᠪᠰᠢᠯᠳᠠ ᠶᠢ ᠠᠬᠢᠭᠤᠯᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠣᠶᠢᠯᠠᠭᠠᠵᠤ ᠰᠤᠨᠤᠰᠪᠠ ᠁ | ᠤᠯᠠᠨ ᠲᠦᠮᠡᠨ ᠬᠡᠷᠡᠭᠴᠡᠭᠡ ᠲᠠᠢ ᠯᠡ ᠶᠤᠮ ᠪᠣᠯ ᠬᠠᠮᠢᠭ᠎ᠠ ᠭᠡᠰᠡᠨ ᠴᠤ ᠠᠷᠠᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠪᠠᠷ᠎ᠠ ᠰᠡᠭᠦᠳᠡᠷ ᠬᠠᠷᠠᠭᠳᠠᠨ᠎ᠠ᠃ ᠯᠦᠪᠸᠢ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢᠳ ᠣᠨᠴᠠᠯᠢᠭᠲᠤ ᠠᠵᠤ ᠦᠢᠯᠡᠰ ᠢ ᠬᠥᠭᠵᠢᠭᠦᠯᠵᠦ᠂ ᠤᠯᠠᠨ ᠲᠦᠮᠡᠨ ᠢ | ᠳᠠᠭᠠᠭᠤᠯᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠶᠢᠨ ᠬᠠᠮᠲᠤ ᠪᠠᠰᠠ ᠠᠷᠠᠳ ᠤᠨ ᠠᠮᠢᠳᠤᠷᠠᠯ ᠤᠨ | ᠬᠡᠷᠡᠭᠴᠡᠭᠡ ᠶᠢ ᠣᠶᠢᠯᠠᠭᠠᠬᠤ ᠶᠢ ᠠᠩᠬᠠᠷᠴᠤ᠂ ᠤᠯᠠᠨ ᠲᠦᠮᠡᠨ ᠤ ︽ᠪᠠᠴᠢᠮᠳᠠᠵᠦ ᠬᠦᠴᠢᠷᠳᠡᠵᠦ ᠵᠤᠪᠠᠵᠦ ᠰᠠᠨᠠᠵᠦ︾ | ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠪᠠᠷ ᠴᠢᠷᠮᠠᠶᠢᠪᠠ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠢᠨᠠᠯᠲᠠ ᠲᠠᠯᠪᠢᠵᠤ ᠨᠠᠶᠢᠳᠠᠪᠤᠷᠢᠵᠢᠭᠤᠯᠬᠤ ᠲᠠᠯ᠎ᠠ ᠪᠠᠷ᠂ | ᠢᠮᠠᠭᠲᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢᠨ ᠲᠣᠭᠤᠷᠢᠨ ᠳᠤ᠂ ᠬᠠᠮᠢᠶ᠎ᠠ ᠪᠦᠬᠦᠢ | ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ᠂ ᠴᠠᠭ ᠬᠤᠭᠤᠴᠠᠭ᠎ᠠ | ᠵᠠᠩᠭᠢᠯᠠᠭ᠎ᠠ ᠶᠢᠨ ᠴᠡᠭ ᠢ ᠴᠢᠩᠭ᠎ᠠ ᠵᠢᠷᠤᠮᠯᠠᠨ᠂ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠵᠤ᠂ ᠰᠢᠨᠵᠢᠯᠡᠬᠦ | ᠤᠬᠠᠭᠠᠨᠴᠢ ᠪᠠᠷ ᠵᠣᠬᠢᠶᠠᠨ ᠪᠠᠶᠢᠭᠤᠯᠤᠨ ᠪᠠᠷᠢᠯᠭ᠎ᠠ ᠪᠠᠷᠢᠬᠤ᠂ ᠭᠠᠷᠳᠠᠮ ᠭᠦᠢᠴᠡᠳᠬᠡᠬᠦ ᠶᠢ ᠲᠦᠷᠭᠡᠳᠬᠡᠨ᠂ ᠪᠡᠯᠡ | ᠮᠥᠩᠭᠦ ᠶᠢᠨ ᠪᠠᠲᠤᠯᠠᠭ᠎ᠠ ᠶᠢ ᠴᠢᠩᠭᠠᠷᠠᠭᠤᠯᠬᠤ ᠶᠢᠨ ᠬᠠᠮᠲᠤ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠪᠠᠶᠢᠭᠤᠯᠵᠤ | ᠲᠥᠷᠥᠯ ᠵᠦᠢᠯ ᠳᠤ ᠠᠵᠢᠯ ᠤᠨ ᠡᠮᠦᠨ᠎ᠡ᠂ ᠠᠵᠢᠯ ᠤᠨ ᠳᠤᠮᠳᠠ᠂ ᠠᠵᠢᠯ ᠤᠨ ᠳᠠᠷᠠᠭᠠᠬᠢ ᠪᠥᠬᠦ ᠶᠠᠪᠤᠴᠠ ᠶᠢ | ᠬᠥᠳᠡᠯᠦᠩᠭᠦᠢ ᠪᠠᠷ ᠮᠦᠷᠳᠡᠪᠡ᠃ | ᠣᠶᠢᠷ᠎ᠠ ᠶᠢᠨ ᠲᠠᠪᠤᠨ ᠵᠢᠯ ᠳᠤ᠂ ᠲᠤᠰ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ | 13 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠲᠣᠭᠲᠠᠭᠠᠵᠤ᠂ ᠨᠢᠭᠡ | ᠪᠦᠯᠦᠭ ᠲᠠᠷᠢᠶᠠᠨ ᠭᠠᠵᠠᠷ ᠤᠰᠤᠨ ᠠᠰᠢᠭᠯᠠᠯᠲᠠ᠂ ᠵᠠᠮ ᠬᠠᠷᠢᠯᠴᠠᠭ᠎ᠠ᠂ ᠤᠤᠭᠤᠬᠤ ᠤᠰᠤᠨ ᠤ ᠠᠮᠤᠷ ᠲᠦᠪᠰᠢᠨ᠂ | ᠠᠵᠤ ᠦᠢᠯᠡᠰ ᠤᠨ ᠬᠥᠭᠵᠢᠯᠲᠡ ᠵᠡᠷᠭᠡ ᠲᠦᠭᠡᠮᠡᠯ ᠬᠠᠷᠠᠭᠠᠯᠵᠠᠯ ᠤᠨ ᠴᠢᠨᠠᠷᠲᠠᠢ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠲᠦᠷᠦᠯ ᠵᠦᠢᠯ ᠢ ᠵᠠᠯᠭᠠᠪᠡᠷ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠪᠦᠬᠦ ᠪᠠᠯᠭᠠᠰᠤᠨ ᠤ 17 | ᠭᠠᠴᠠᠭ᠎ᠠ ᠲᠣᠰᠬᠤᠨ᠂ 1.2 ᠲᠦᠮᠡᠨ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠵᠦ᠂ ᠪᠦᠬᠦ ᠪᠠᠯᠭᠠᠰᠤᠨ ᠤ ᠠᠷᠠᠳ | ᠤᠯᠠᠨ ᠤ ᠵᠣᠯ ᠵᠢᠷᠭᠠᠯᠳᠤ ᠰᠡᠳᠬᠢᠯᠭᠡ ᠪᠣᠯᠣᠨ ᠠᠮᠤᠷ ᠲᠠᠶᠢᠪᠤᠩ ᠪᠤᠳᠤᠯ ᠢ ᠦᠨᠡᠨᠬᠦ ᠳᠡᠭᠡᠭᠰᠢᠯᠡᠭᠦᠯᠵᠦ᠂ ᠠᠷᠠᠳ ᠤᠨ | ᠲᠥᠯᠥᠭᠡᠯᠡᠭᠴᠢᠳ ᠤᠨ ᠬᠢᠨᠠᠯᠲᠠ ᠲᠠᠯᠪᠢᠵᠤ ᠠᠬᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠪᠠ᠃ | ᠴᠠᠭ ᠦᠶ᠎ᠡ ᠠᠴᠠ ᠬᠦᠨᠳᠦ ᠡᠭᠦᠷᠭᠡ ᠳᠠᠭᠠᠭᠠᠯᠭᠠᠵᠤ᠂ ᠠᠷᠠᠳ ᠲᠦᠮᠡᠨ ᠬᠦᠨᠳᠦ ᠶᠡᠭᠡ ᠬᠦᠰᠡᠯ ᠨᠠᠶᠢᠳᠠᠯᠭ᠎ᠠ | ᠲᠠᠯᠪᠢᠵᠤ ᠪᠠᠶᠢᠨ᠎ᠠ᠃ ᠯᠦᠪᠧᠢ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠣᠯᠠᠨ ᠲᠦᠮᠡᠨ ᠲᠠᠢ ᠨᠢᠭᠲᠠ ᠬᠠᠷᠢᠯᠴᠠᠬᠤ | ᠳᠠᠪᠠᠭᠤᠯᠢᠭ ᠪᠠ ᠠᠷᠠᠳ ᠤᠨ ᠲᠥᠯᠥᠭᠡᠯᠡᠭᠴᠢᠳ ᠤᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ | ᠭᠦᠢᠴᠡᠳ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠠᠵᠢᠯᠯᠠᠭ᠎ᠠ ᠳᠤ | ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ︽ᠴᠠᠭ ᠢᠮᠠᠭᠲᠠ ᠰᠠᠨᠠᠭᠠᠰᠢᠷᠠᠬᠤ︾ ᠬᠠᠷᠢᠭᠤᠴᠠᠯᠭᠠᠲᠤ | ᠰᠡᠳᠬᠢᠯᠭᠡ ᠡᠪᠦᠷᠯᠡᠵᠦ᠂ ᠨᠢᠭᠡ ᠯᠡ ᠰᠡᠳᠬᠢᠯ ᠢᠶᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠭᠦᠷᠭᠡ | ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠵᠦ᠂ ᠠᠷᠠᠳ ᠤᠨ ᠲᠥᠯᠥᠭᠡ ᠵᠢᠳᠬᠦᠬᠦ ᠰᠡᠳᠬᠢᠯᠭᠡ ᠪᠠᠨ | ᠢᠯᠡᠷᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠷᠢᠭᠤᠴᠠᠯᠭ᠎ᠠ ᠶᠢ ᠢᠯᠡᠷᠡᠭᠦᠯᠵᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠬᠤᠴᠠ ᠶᠢ ᠲᠦᠷᠭᠡᠳᠬᠡᠬᠦ ᠳᠤ ᠬᠦᠴᠦᠲᠡᠢ ᠲᠤᠯᠭᠠᠭᠤᠷᠢᠯᠠᠯ ᠬᠠᠩᠭᠠᠪᠠ | ᠃ | |