ᠵᠠᠷᠤᠳ ᠬᠤᠰᠢᠭᠤᠨ ᠤ 50 ᠡᠮᠴᠢ ᠰᠤᠪᠢᠯᠠᠭᠴᠢ ᠠᠷᠤ ᠬᠤᠷᠴᠢᠨ ᠬᠤᠰᠢᠭᠤᠨ ᠳᠤ ᠬᠦᠷᠴᠦ ᠬᠢᠵᠢᠭ ᠢ ᠰᠡᠷᠭᠡᠶᠢᠯᠡᠨ ᠡᠵᠡᠮᠳᠡᠬᠦ ᠳᠠᠶᠢᠨ ᠳᠤ ᠣᠷᠣᠯᠴᠠᠪᠠ
ᠨᠡᠶᠢᠲᠡᠯᠡᠭᠰᠡᠨ ᠴᠠᠭ᠄
2022/9/15
  
65ab88cd362b441268eb02f2dec7937.jpg
        ᠠᠶᠤᠯ ᠲᠦᠭᠰᠢᠭᠦᠷᠢ ᠲᠠᠢ ᠴᠠᠭ ᠮᠥᠴᠡ ᠪᠣᠯᠬᠤ ᠪᠦᠷᠢ᠂ ᠤᠭ ᠰᠠᠨᠠᠭ᠎ᠠ ᠪᠠᠨ ᠤᠯᠠᠮ ᠢᠶᠠᠷ ᠣᠯᠵᠤ ᠮᠡᠳᠡᠨ᠎ᠡ︔ ᠵᠠᠩᠭᠢᠯᠠᠭ᠎ᠠ ᠶᠢᠨ ᠦᠶ᠎ᠡ ᠪᠣᠯᠬᠤ ᠪᠦᠷᠢ᠂ ᠡᠭᠦᠷᠭᠡ ᠬᠠᠷᠢᠭᠤᠴᠠᠯᠭ᠎ᠠ ᠪᠠᠨ ᠤᠯᠠᠮ ᠢᠶᠠᠷ ᠲᠠᠨᠢᠪᠠ᠃ 9 ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨ᠎ᠠ᠂ ᠵᠠᠷᠤᠳ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠢᠨ ᠳᠡᠭᠡᠳᠦ ᠱᠠᠲᠤᠨ ᠤ ᠲᠦᠷᠭᠡᠨ ᠲᠤᠰᠠᠯᠠᠮᠵᠢ ᠬᠦᠷᠲᠡᠭᠡᠬᠦ ᠪᠠᠴᠢᠮ ᠡᠭᠦᠷᠭᠡ ᠶᠢ ᠭᠥᠯᠢᠶᠡᠨ ᠠᠪᠤᠭᠰᠠᠨ ᠤ ᠳᠠᠷᠠᠭ᠎ᠠ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠮᠣᠩᠭᠤᠯ ᠡᠮᠨᠡᠯᠭᠡ ᠶᠢᠨ ᠬᠤᠷᠢᠶ᠎ᠠ᠂ ᠬᠢᠲᠠᠳ ᠡᠮᠨᠡᠯᠭᠡ ᠶᠢᠨ ᠬᠤᠷᠢᠶ᠎ᠠ ᠪᠣᠯᠣᠨ ᠯᠦᠪᠸᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠠᠴᠠ 50 ᠡᠮᠨᠡᠯᠭᠡ ᠶᠢᠨ ᠠᠵᠢᠯᠲᠠᠨ ᠢ ᠰᠣᠩᠭᠤᠨ ᠠᠷᠤ ᠬᠤᠷᠴᠢᠨ ᠬᠤᠰᠢᠭᠤᠨ ᠤ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠲᠣᠰᠠᠯᠠᠬᠤ ᠪᠠᠷ ᠪᠣᠯᠪᠠ᠃     ᠲᠠᠶᠢᠨ ᠳᠤ ᠮᠣᠷᠳᠠᠬᠤ ᠶᠣᠰᠣᠯᠠᠯ ᠳᠡᠭᠡᠷ᠎ᠡ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠭᠡᠰᠢᠭᠦᠳ ᠲᠤ ᠪᠠᠨ ᠬᠦᠴᠢᠷ ᠪᠡᠷᠬᠡᠰᠢᠶᠡᠯ ᠢ ᠬᠠᠮᠲᠤ ᠪᠠᠷ ᠡᠪᠳᠡᠵᠦ᠂ ᠴᠠᠭ ᠤᠨ ᠪᠡᠷᠬᠡ ᠶᠢ ᠬᠠᠮᠲᠤ ᠪᠠᠷ ᠲᠤᠭᠤᠯᠵᠤ᠂ ᠬᠢᠵᠢᠭ ᠲᠠᠢ ᠪᠦᠭᠦ ᠬᠦᠴᠦᠨ ᠢᠶᠠᠷ ᠢᠶᠠᠨ ᠡᠰᠡᠷᠭᠦᠴᠡᠨ ᠲᠡᠮᠡᠴᠡᠵᠦ᠂ ᠬᠠᠮᠤᠭ ᠤᠨ ᠨᠠᠷᠢᠨ ᠨᠢᠮᠪᠠᠢ ᠡᠮᠨᠡᠯᠭᠡ ᠶᠢᠨ ᠮᠡᠷᠭᠡᠵᠢᠯ᠂ ᠬᠠᠮᠤᠭ ᠤᠨ ᠡᠷᠡᠰ ᠬᠠᠲᠠᠭᠤ ᠰᠤᠷᠲᠠᠯ ᠢᠶᠠᠷ ᠡᠨᠡ ᠤᠳᠠᠭ᠎ᠠ ᠶᠢᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢᠨ ᠬᠠᠮᠲᠤ ᠪᠠᠰᠠ ᠥᠪᠡᠷ ᠢ ᠪᠠᠨ ᠰᠠᠶᠢᠲᠤᠷ ᠬᠠᠮᠠᠭᠠᠯᠠᠬᠤ ᠬᠡᠷᠡᠭᠲᠡᠢ᠂ ᠪᠦᠭᠦ ᠬᠤᠰᠢᠭᠤᠨ ᠤ ᠠᠷᠠᠳ ᠲᠦᠮᠡᠨ ᠲᠠᠨ ᠤ ᠪᠠᠲᠤ ᠴᠢᠩᠭ᠎ᠠ ᠲᠦᠰᠢᠭ ᠲᠣᠯᠭᠠᠭᠤᠷᠢ ᠪᠣᠯᠵᠤ ᠪᠠᠶᠢᠨ᠎ᠠ᠂ ᠤᠯᠠᠨ ᠢᠶᠠᠷ ᠢᠶᠠᠨ ᠠᠮᠤᠷ ᠲᠦᠪᠰᠢᠨ ᠪᠤᠴᠠᠵᠤ ᠢᠷᠡᠬᠦ ᠶᠢ ᠬᠦᠰᠡᠨ ᠪᠠᠷᠠᠯᠠᠵᠤ ᠪᠠᠶᠢᠨ᠎ᠠ ᠭᠡᠵᠦ ᠵᠠᠬᠢᠪᠠ᠃    ︽ᠳᠠᠭᠤᠳᠠᠪᠠᠯ ᠳᠠᠭᠤ ᠨᠢᠭᠡᠲᠠᠢ᠂  ᠲᠣᠭᠲᠣᠷᠠᠪᠠᠯ ᠬᠦᠴᠦᠨ ᠨᠢᠭᠡᠲᠠᠢ᠃ ᠪᠢᠳᠡ ᠦᠳᠡ  ᠶᠢᠨ ᠬᠤᠶᠢᠨ᠎ᠠ  ᠶᠢᠨ ᠲᠠᠪᠤᠨ ᠴᠠᠭ ᠬᠠᠭᠠᠰ ᠲᠤ ᠲᠣᠰ ᠡᠭᠦᠷᠭᠡ ᠶᠢ ᠭᠥᠯᠢᠶᠡᠨ ᠠᠪᠤᠭᠰᠠᠨ ᠶᠤᠮ᠂ ᠡᠭᠦᠷᠭᠡ  ᠶᠢ ᠭᠥᠯᠢᠶᠡᠨ ᠠᠪᠤᠭᠰᠠᠨ   ᠠᠴᠠ ᠠᠪᠤᠭᠠᠳ ᠪᠦᠬᠦ ᠠᠵᠢᠯᠲᠠᠳ ᠴᠤᠭᠯᠠᠷᠠᠵᠤ ᠳᠠᠭᠤᠰᠲᠠᠯ᠎ᠠ 2 ᠴᠠᠭ ᠪᠣᠯᠤᠭᠰᠠᠨ ᠦᠭᠡᠢ᠂ ᠮᠠᠰᠢ ᠣᠯᠠᠨ ᠭᠡᠰᠢᠭᠦᠳ ᠭᠡᠷ ᠤᠨ ᠬᠥᠮᠥᠰ ᠲᠠᠢ ᠪᠠᠨ ᠰᠠᠯᠬᠤ ᠶᠣᠰᠣ ᠭᠦᠢᠴᠡᠳᠬᠡᠵᠦ ᠠᠮᠵᠢᠭᠰᠠᠨ ᠦᠭᠡᠢ᠂ ᠵᠥᠪᠬᠡᠨ ᠶᠠᠭᠠᠷᠠᠤ ᠰᠠᠨᠳᠤᠷᠤᠤ ᠤᠲᠠᠰᠤ ᠠᠪᠤᠭᠰᠠᠨ ᠪᠤᠶᠤ ᠸᠢᠴᠠᠲ ᠶᠠᠪᠤᠭᠤᠯᠤᠭᠰᠠᠨ ᠶᠤᠮ︾ ᠭᠡᠵᠦ ᠯᠦᠪᠸᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠠᠴᠠ ᠢᠷᠡᠭᠰᠡᠨ ᠡᠮᠴᠢᠯᠡᠭᠡᠨ ᠤ ᠠᠩᠭᠢ ᠶᠢᠨ ᠭᠡᠰᠢᠭᠦᠨ ᠸᠠᠩ ᠰᠢᠤᠸᠠᠢ ᠴᠦᠨ ᠠᠴᠠ ᠡᠮᠴᠢᠯᠡᠭᠡᠨ ᠤ ᠠᠩᠭᠢ ᠶᠢᠨ ᠳᠠᠶᠢᠨ ᠳᠤ ᠮᠣᠷᠳᠠᠬᠤ ᠬᠤᠷᠳᠤᠴᠠ ᠳᠠᠭᠠᠨ ᠣᠮᠣᠭᠰᠢᠵᠤ ᠪᠠᠶᠢᠪᠠ᠃    ᠪᠦᠷᠦᠩᠬᠦᠢ ᠰᠥᠨᠢ ᠶᠢᠨ ᠪᠥᠲᠡᠬᠢ ᠳᠤ᠂ ᠳ᠋ᠧᠩ ᠤᠨ ᠭᠡᠷᠡᠯ ᠳᠤᠸᠠᠯᠠᠨ᠂ ᠳᠠᠶᠢᠨ ᠳᠤ ᠮᠣᠷᠳᠠᠬᠤ ᠪᠠᠶᠢᠯᠳᠤᠭᠠᠨ ᠤ ᠲᠤᠭ ᠨᠠᠮᠢᠷᠠᠨ᠎ᠠ᠃ ᠡᠮᠴᠢᠯᠡᠭᠡᠨ ᠤ ᠠᠩᠭᠢ ᠶᠢᠨ ᠭᠡᠰᠢᠭᠦᠳ ᠲᠤᠬᠠᠶᠢᠯᠠᠭᠰᠠᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠪᠥᠬᠦ ᠬᠤᠰᠢᠭᠤᠨ ᠤ ᠠᠷᠠᠳ ᠲᠦᠮᠡᠨ ᠤ ᠬᠦᠰᠡᠯ ᠡᠷᠡᠮᠡᠯᠵᠡᠯ ᠢ ᠡᠪᠦᠷᠯᠡᠨ᠂ ᠦᠨᠡᠨ ᠶᠣᠰᠣᠨ ᠤ ᠲᠥᠯᠥᠭᠡ ᠡᠷᠡᠭᠡᠯᠵᠡᠯ ᠦᠭᠡᠢ ᠣᠷᠣᠭᠰᠢᠯᠠᠵᠤ᠂ ᠰᠥᠨᠢ ᠳᠦᠯᠢ ᠪᠠᠷ ᠠᠶᠠᠨ ᠲᠡᠶᠢᠨ ᠳᠤ ᠮᠤᠷᠳᠠᠪᠠ ᠂ ᠡᠨᠡ ᠨᠢ ᠵᠠᠷᠤᠳ ᠬᠤᠰᠢᠭᠤᠨ ᠤ ︽ᠴᠠᠭᠠᠨ ᠬᠤᠪᠴᠠᠰᠤᠲᠤ ᠬᠤᠶᠠᠭ︾ ᠤᠳ ᠤᠨ ᠠᠶᠤᠯ ᠲᠦᠭᠰᠢᠭᠦᠷᠢ ᠠᠴᠠ ᠠᠶᠤᠬᠤ ᠦᠭᠡᠢ᠂ ᠬᠦᠴᠢᠷ ᠢ ᠰᠥᠷᠦᠨ ᠤᠷᠤᠭᠰᠢᠯᠠᠬᠤ ᠤᠬᠠᠮᠰᠠᠷ ᠠᠴᠠ ᠪᠠᠨ ᠬᠠᠷᠢᠭᠤᠴᠠᠯᠭ᠎ᠠ ᠡᠭᠦᠷᠭᠡᠯᠡᠬᠦ᠂ ᠦᠬᠦᠯ ᠠᠴᠠ ᠠᠪᠤᠷᠠᠨ ᠰᠢᠷᠬᠠᠲᠤᠭᠰᠠᠳ ᠢ ᠲᠡᠳᠬᠦᠬᠦ ᠲᠤᠬᠠᠶᠢᠯᠠᠭᠰᠠᠨ ᠠᠵᠢᠯ ᠤᠨ ᠬᠡᠪ ᠴᠢᠨᠠᠷ᠂ ᠬᠢᠵᠠᠭᠠᠷ ᠦᠭᠡᠢ ᠶᠡᠭᠡ ᠬᠠᠶᠢᠷ᠎ᠠ ᠶᠢ ᠭᠦᠢᠴᠡᠳ ᠢᠯᠡᠷᠡᠭᠦᠯᠪᠡ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号