ᠵᠠᠷᠤᠳ ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠢᠨ ᠰᠤᠷᠤᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2022/9/15
      9 ᠰᠠᠷ᠎ᠠ ᠶᠢᠨ 14 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠬᠢᠨ ᠤ ᠰᠤᠷᠤᠯᠴᠠᠬᠤ ᠬᠤᠷᠠᠯ ᠢ ᠡᠷᠬᠢᠯᠡᠨ ᠬᠢᠪᠡ᠃ ᠭᠦᠸᠧ ᠮᠢᠩ ᠴᠢᠶᠦ᠋ᠨ᠂ ᠦ᠋ ᠴᠢᠩ ᠬᠠᠢ᠂ ᠯᠢᠦ ᠶᠦᠩ ᠵᠡᠷᠭᠡ ᠳᠡᠳ᠋ ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠤᠯᠭ᠎ᠠ ᠬᠤᠷᠠᠯ ᠳᠤ ᠣᠷᠣᠯᠴᠠᠪᠠ᠃      
微信图片_20220915153826.jpg
      ᠬᠤᠷᠠᠯ ᠠᠴᠠ ᠰᠢ ᠶᠢᠨ ᠫᠢᠩ ᠤᠨ ᠮᠤᠵᠢ ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷ ᠤᠨ︽ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠵᠦ᠂ ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠬᠤ︾ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠳᠤ ᠲᠠᠯᠪᠢᠭᠰᠠᠨ ᠴᠢᠬᠤᠯᠠ ᠶᠠᠷᠢᠶ᠎ᠠ ᠪᠠ ᠰᠦᠨ ᠱᠤᠤ  ᠴᠧᠩ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ 7 ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠳᠤ ᠣᠷᠣᠯᠴᠠᠭᠰᠠᠨ ᠪᠦᠯᠤᠭ᠌ ᠬᠥᠮᠥᠰ ᠰᠢ ᠶᠢᠨ ᠫᠢᠩ ᠶᠡᠷᠦᠩᠬᠡᠢ ᠱᠦᠵᠢ ᠶᠢᠨ ᠮᠤᠵᠢ ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷ ᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢᠨ ᠲᠣᠭᠤᠷᠢᠨ ᠳᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠶᠠᠷᠢᠶ᠎ᠠ ᠲᠠᠯᠪᠢᠵᠤ᠂ ᠪᠤᠰᠤᠳ ᠬᠥᠮᠥᠰ ᠦᠰᠤᠭ᠌ ᠪᠢᠴᠢᠭ ᠤᠨ ᠮᠠᠲ᠋ᠧᠷᠢᠶᠠᠯ ᠢᠶᠠᠨ ᠲᠡᠪᠰᠢᠭᠦᠯᠪᠡ᠃      
微信图片_20220915153821.jpg
      ᠱᠣᠣ ᠶᠠᠨ ᠵᠢᠶᠦ᠋ᠨ ᠱᠠᠭᠠᠷᠳᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠡᠯ᠎ᠡ ᠭᠠᠵᠠᠷ ᠤᠨ ᠳᠡᠰ ᠤᠨ ᠤᠳᠤᠷᠢᠳᠤᠯᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠢ ᠡᠷᠡᠰ ᠬᠠᠮᠠᠭᠠᠯᠠᠬᠤ ᠪᠠ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠬᠠᠮᠤᠭ ᠤᠨ ᠴᠢᠬᠤᠯᠠ ᠤᠯᠤᠰ ᠲᠦᠷᠦ ᠶᠢᠨ ᠰᠠᠬᠢᠯᠭ᠎ᠠ ᠪᠠᠲᠤ ᠪᠣᠯᠣᠨ ᠤᠯᠤᠰ ᠲᠦᠷᠦ ᠶᠢᠨ ᠶᠣᠰᠣ ᠳᠦᠷᠢᠮ ᠪᠤᠯᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠷᠭᠦᠯᠵᠢᠯᠡᠨ ᠪᠠᠲᠤ ᠪᠠᠬᠢ ᠪᠤᠢ ᠪᠣᠯᠭᠠᠵᠤ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ ᠭᠠᠵᠠᠷ︾᠂ ︽ᠨᠢᠭᠡ ᠪᠠᠬᠢᠯᠡᠯᠲᠡ︾ ᠶᠢ ᠰᠠᠶᠢᠲᠤᠷ ᠪᠠᠶᠢᠭᠤᠯᠬᠤ ᠬᠡᠷᠡᠭᠲᠡᠢ᠃ ᠬᠢᠵᠢᠭ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ︽ᠬᠥᠳᠡᠯᠦᠩᠭᠦᠢ ᠪᠠᠷ ᠴᠡᠪᠡᠷᠯᠡᠬᠦ︾ ᠶᠡᠷᠦᠩᠬᠡᠢ ᠴᠢᠭᠯᠡᠯᠲᠡ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠠᠷ ᠤᠨᠤᠴᠠᠳᠠᠢ ᠰᠠᠶᠢᠲᠤᠷ ᠬᠢᠵᠦ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠪᠣᠳᠠᠲᠠᠢ ᠨᠠᠷᠢᠯᠢᠭ ᠨᠠᠶᠢᠳᠠᠪᠤᠷᠢᠵᠢᠭᠤᠯᠵᠤ᠂ ᠬᠢᠵᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ︽ᠵᠢᠷᠭᠤᠭ᠎ᠠ ᠶᠢ ᠪᠠᠲᠤᠯᠠᠬᠤ︾ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠵᠤ ᠠᠬᠤᠢ ᠶᠢ ᠢᠮᠠᠭᠲᠠ ᠨᠠᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠠᠯᠠᠰᠢᠨ ᠦᠬᠡᠷ᠂ ᠨᠡᠭᠦᠷᠡᠰᠦ᠂ ᠠᠮᠤ ᠪᠤᠳᠠᠭ᠎ᠠ᠂ ᠰᠣᠶᠣᠯ ᠵᠢᠭᠤᠯᠴᠢᠯᠠᠯ ᠵᠡᠷᠭᠡ ᠳᠠᠪᠠᠭᠤᠯᠢᠭ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠵᠤ᠂ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠲᠠᠳᠠᠬᠤ ᠡᠷᠴᠢᠮ ᠢᠶᠠᠨ ᠴᠢᠩᠭᠠᠷᠠᠭᠤᠯᠵᠤ᠂ ᠠᠵᠤ ᠦᠢᠯᠡᠰ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠷᠠᠳ ᠤᠨ ᠠᠮᠢᠳᠤᠷᠠᠯ ᠢ ᠶᠡᠬᠡᠪᠡᠷ ᠪᠠᠲᠤᠯᠠᠨ ᠰᠠᠶᠢᠵᠢᠷᠠᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠥᠭᠵᠢᠯᠲᠡ ᠪᠣᠯᠣᠨ ᠠᠮᠤᠷ ᠲᠦᠪᠰᠢᠨ ᠢ ᠥᠨᠳᠥᠷ ᠪᠦᠲᠦᠮᠵᠢᠲᠡᠢ ᠪᠠᠷ ᠠᠬᠢᠭᠤᠯᠬᠤ ᠬᠡᠷᠡᠭᠲᠡᠢ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠰᠠᠶᠢᠲᠤᠷ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠶᠢ ᠢᠯᠡᠷᠡᠭᠦᠯᠬᠦ᠂ ᠰᠤᠳᠤᠯᠤᠨ ᠮᠠᠭᠠᠳᠯᠠᠬᠤ᠂ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠯ᠎ᠡ ᠲᠦᠷᠦᠯ ᠤᠨ ᠨᠡᠶᠢᠭᠡᠮ ᠤᠨ ᠵᠥᠷᠢᠴᠡᠯ ᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠵᠦ᠂ ᠤᠯᠤᠰ ᠲᠦᠷᠦ ᠶᠢᠨ ᠠᠮᠤᠷ ᠲᠦᠪᠰᠢᠨ ᠪᠠ ᠨᠡᠶᠢᠭᠡᠮ ᠤᠨ ᠠᠮᠤᠷ ᠲᠦᠪᠰᠢᠨ ᠭᠡᠬᠦ ᠡᠨᠡᠬᠦ ᠦᠨᠳᠦᠰᠦᠨ ᠬᠤᠷᠢᠭ᠎ᠠ ᠱᠤᠭᠤᠮ ᠢ ᠰᠠᠶᠢᠲᠤᠷ ᠰᠠᠬᠢᠬᠤ ᠬᠡᠷᠡᠭᠲᠡᠢ᠃ ᠲᠦᠷᠦᠯ ᠵᠦᠢᠯ ᠤᠨ ᠪᠠᠷᠢᠯᠭ᠎ᠠ ᠶᠢᠨ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤᠷ ᠲᠦᠪᠰᠢᠨ ᠤ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠠᠮᠤᠷ ᠲᠦᠪᠰᠢᠨ ᠤ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠪᠣᠯᠣᠨ ᠶᠡᠷᠦᠩᠬᠡᠶᠢᠯᠡᠭᠰᠡᠨ ᠠᠪᠤᠷᠠᠨ ᠲᠤᠰᠠᠯᠠᠬᠤ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠮᠤᠷ ᠲᠦᠪᠰᠢᠨ ᠤ ᠭᠡᠮ ᠰᠣᠭᠤᠭ ᠢ ᠡᠬᠢ ᠡᠭᠦᠰᠦᠯ ᠠᠴᠠ ᠨᠢ ᠠᠷᠢᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ ᠭᠡᠪᠡ᠃  
微信图片_20220915153816.jpg
      ᠱᠤᠤ ᠶᠠᠨ ᠵᠢᠶᠦ᠋ᠨ ᠠᠴᠠ᠂ ᠰᠦᠨ ᠱᠤᠤ ᠴᠧᠩ ᠱᠦᠵᠢ ᠶᠢᠨ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠤᠬᠠᠮᠰᠠᠷ ᠠᠴᠠ ᠪᠠᠨ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠰᠦᠨ ᠱᠤᠤ ᠴᠧᠩ ᠱᠦᠵᠢ ᠶᠢᠨ ᠶᠠᠷᠢᠶᠠᠨ ᠤ ᠵᠣᠷᠢᠭ ᠰᠠᠨᠠᠭ᠎ᠠ ᠲᠠᠢ ᠨᠢᠭᠡᠳᠬᠡᠵᠦ᠂ ᠪᠦᠬᠦ ᠬᠤᠰᠢᠭᠤ ᠪᠠᠷ ᠢᠶᠠᠨ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠤᠢ ᠪᠣᠯᠭᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠦᠷᠦᠭᠦᠯᠡᠨ ᠨᠠᠶᠢᠳᠠᠪᠤᠷᠢᠵᠢᠭᠤᠯᠵᠤ᠂ ︽ᠨᠢᠭᠡ ᠠᠵᠢᠯ ᠤᠨ ᠪᠠᠶᠢᠷᠢ ᠬᠤᠤᠰ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠬᠤ ᠴᠢᠳᠠᠪᠤᠷᠢ ᠪᠣᠯᠣᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠢᠲᠡᠭᠡᠯ ᠵᠣᠷᠢᠭ ᠢᠶᠠᠨ ᠪᠠᠲᠤᠳᠬᠠᠵᠤ᠂ ᠪᠥᠬᠦ ᠬᠤᠰᠢᠭᠤᠨ ᠤ ᠠᠷᠪᠠᠨ ᠶᠡᠭᠡ ᠠᠵᠤ ᠦᠢᠯᠡᠰ ᠤᠨ ᠲᠣᠭᠤᠷᠢᠨ ᠳᠤ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ ᠬᠥᠭᠵᠢᠯᠲᠡ ᠶᠢ ᠠᠳᠬᠤᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠠᠵᠢᠯ ᠢ ᠡᠷᠲᠡ ᠠᠴᠠ ᠲᠥᠯᠥᠪᠵᠢᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠠᠷᠠᠯᠵᠢᠶᠠᠴᠢᠨ ᠤᠷᠢᠵᠤ ᠪᠡᠯᠡ ᠲᠠᠳᠠᠬᠤ ᠶᠢ ᠴᠢᠩᠭ᠎ᠠ ᠠᠳᠬᠤᠨ᠂ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠣᠳᠣᠬᠠᠨ ᠤ ᠲᠣᠪᠣᠶᠢᠮ᠎ᠠ ᠠᠰᠠᠭᠤᠳᠠᠯ ᠪᠠ ᠬᠠᠷᠢᠴᠠᠩᠭᠤᠢ ᠪᠠᠭᠤᠷᠠᠢ ᠠᠰᠠᠭᠤᠳᠠᠯ ᠢ ᠪᠥᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠦᠨᠡᠨ ᠪᠣᠳᠠᠲᠠᠢ ᠠᠵᠢᠯᠯᠠᠵᠤ᠂ ᠪᠣᠳᠠᠲᠠᠢ ᠠᠮᠵᠢᠯᠲᠠ ᠪᠦᠲᠦᠮᠵᠢ ᠭᠠᠷᠭᠠᠬᠤ ᠬᠡᠷᠡᠭᠲᠡᠢ᠃ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠲᠦᠷᠦᠯ ᠵᠦᠢᠯ ᠤᠨ ᠲᠣᠬᠢᠷᠠᠭᠤᠯᠤᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠲᠦᠷᠦᠯ ᠵᠦᠢᠯ ᠤᠨ ᠬᠥᠭᠵᠢᠯᠲᠡ ᠶᠢᠨ ᠶᠠᠪᠤᠴᠠ ᠳᠠᠬᠢ ᠬᠦᠴᠢᠷᠳᠡᠯ ᠪᠣᠯᠣᠨ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠦ  ᠴᠢᠩᠭᠠᠳᠬᠠᠪᠠ᠃     
微信图片_20220915153811.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号