ᠪᠠᠶᠠᠨᠲᠠᠯ᠎ᠠ ᠰᠤᠮᠤ ᠶᠢᠨ ᠬᠠᠤᠯᠢ ᠴᠠᠭᠠᠵᠠ ᠶᠢᠨ ᠭᠠᠵᠠᠷ ᠬᠢᠨ 5 ᠭᠠᠵᠠᠷ ᠰᠢᠷᠣᠢ ᠶᠢᠨ ᠵᠢᠭᠤᠷᠠᠯᠳᠤᠭᠠᠨ ᠤ ᠬᠡᠷᠡᠭ ᠢ ᠠᠮᠵᠢᠯᠲᠠ ᠲᠠᠢ ᠪᠠᠷ ᠡᠶᠡᠳᠡᠭᠦᠯᠪᠡ
ᠨᠡᠶᠢᠲᠡᠯᠡᠭᠰᠡᠨ ᠴᠠᠭ᠄
2022/9/2
    8 ᠰᠠᠷ᠎ᠠ ᠶᠢᠨ 31 ᠤ ᠡᠳᠦᠷ᠂ ᠪᠠᠶᠠᠨᠲᠠᠯ᠎ᠠ ᠰᠤᠮᠤ ᠶᠢᠨ ᠬᠠᠤᠯᠢ ᠴᠠᠭᠠᠵᠠ ᠶᠢᠨ ᠭᠠᠵᠠᠷ ᠬᠢᠨ 5 ᠭᠠᠵᠠᠷ ᠰᠢᠷᠣᠢ ᠶᠢᠨ ᠵᠢᠭᠤᠷᠠᠯᠳᠤᠭᠠᠨ ᠤ ᠬᠡᠷᠡᠭ ᠢ ᠠᠮᠵᠢᠯᠲᠠ ᠲᠠᠢ ᠪᠠᠷ ᠡᠶᠡᠳᠡᠭᠦᠯᠪᠡ᠃ ᠬᠠᠤᠯᠢ ᠴᠠᠭᠠᠵᠠ ᠶᠢᠨ ᠭᠠᠵᠠᠷ ᠤᠨ ᠠᠵᠢᠯᠲᠠᠨ ᠬᠡᠷᠡᠭ ᠤᠨ ᠪᠠᠶᠢᠳᠠᠯ ᠢ ᠪᠠᠶᠢᠴᠠᠭᠠᠵᠤ ᠬᠢᠨᠠᠨ ᠬᠠᠷᠭᠤᠭᠤᠯᠬᠤ ᠪᠠᠷ ᠳᠡᠮᠵᠢᠨ᠂ ᠲᠣᠰᠬᠤᠨ ᠤ ᠠᠷᠠᠳ ᠤᠨ ᠵᠥᠪᠯᠡᠯ ᠵᠢᠴᠢ ᠪᠠᠶᠢᠳᠠᠯ ᠢ ᠮᠡᠳᠡᠬᠦ ᠤᠯᠠᠨ ᠲᠦᠮᠡᠨ ᠠᠴᠠ ᠵᠠᠭᠤᠷᠠᠯᠳᠤᠭᠠᠨ ᠤ ᠬᠤᠯᠪᠣᠭᠳᠠᠯ ᠪᠦᠬᠦᠢ ᠪᠠᠶᠢᠳᠠᠯ ᠢ ᠣᠶᠢᠯᠠᠭᠠᠵᠤ᠂ ᠵᠠᠭᠤᠷᠠᠯᠳᠤᠭᠠᠨ ᠨᠢ ᠬᠢᠯᠢ ᠶᠢᠨ ᠵᠠᠭᠠᠭ ᠤᠨ ᠠᠰᠠᠭᠤᠳᠠᠯ ᠳᠤ ᠬᠤᠯᠪᠣᠭᠳᠠᠭᠰᠠᠨ ᠢ ᠣᠯᠵᠤ ᠮᠡᠳᠡᠭᠰᠡᠨ ᠤ ᠳᠠᠷᠠᠭ᠎ᠠ᠂ ᠰᠤᠮᠤᠨ ᠤ ᠬᠠᠤᠯᠢ ᠴᠠᠭᠠᠵᠠ ᠶᠢᠨ ᠭᠠᠵᠠᠷ ᠬᠢᠨ ᠰᠢᠶᠠᠩᠱᠠᠨ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ  ᠬᠢᠨ ᠲᠠᠢ ᠢᠳᠡᠪᠬᠢᠲᠡᠢ ᠪᠠᠷ ᠨᠡᠪᠲᠡᠷᠡᠯᠴᠡᠨ ᠬᠠᠷᠢᠯᠴᠠᠵᠤ᠂ ᠬᠤᠶᠠᠷ ᠲᠠᠯ᠎ᠠ ᠶᠢᠨ ᠬᠠᠤᠯᠢ ᠴᠠᠭᠠᠵᠠ ᠶᠢᠨ ᠭᠠᠵᠠᠷ ᠤᠨ ᠠᠵᠢᠯᠲᠠᠨ ᠤ ᠬᠠᠮᠲᠤ ᠶᠢᠨ ᠴᠢᠷᠮᠠᠶᠢᠯᠭ᠎ᠠ᠂ ᠨᠢᠭᠡ ᠭᠠᠷᠠᠭ ᠤᠨ ᠡᠶᠡᠳᠡᠭᠦᠯᠭᠡ ᠪᠠᠷ ᠳᠠᠮᠵᠢᠨ᠂ ᠡᠨᠡ ᠤᠳᠠᠭ᠎ᠠ ᠶᠢᠨ ᠭᠠᠵᠠᠷ ᠰᠢᠷᠣᠢ ᠶᠢᠨ ᠵᠠᠭᠤᠷᠠᠯᠳᠤᠭᠠᠨ ᠤ ᠬᠡᠷᠡᠭ ᠢ ᠡᠴᠦᠰ ᠲᠡᠭᠡᠨ ᠰᠢᠢᠳᠪᠦᠷᠢᠯᠡᠪᠡ᠃
571d583826b32499737c7905c70fe9e.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号