8 ᠰᠠᠷ᠎ᠠ ᠶᠢᠨ 31 ᠤ ᠡᠳᠦᠷ᠂ ᠪᠥᠬᠦ ᠬᠤᠰᠢᠭᠤᠨ ᠤ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ | ᠵᠠᠰᠠᠯᠲᠠ ᠶᠢᠨ ᠣᠳᠣᠬᠢᠴᠢᠯᠠᠭᠰᠠᠨ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ | ᠲᠠᠯᠠᠪᠠᠶ ᠶᠢᠨ ᠠᠬᠢᠭᠤᠯᠬᠤ ᠬᠤᠷᠠᠯ ᠬᠢᠪᠡ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ | ᠬᠠᠤᠯᠢ ᠴᠠᠭᠠᠵᠠ ᠶᠢᠨ ᠬᠤᠷᠢᠶᠠᠨ ᠤ ᠱᠦᠵᠢ ᠭᠦᠸᠧ ᠮᠢᠩ ᠴᠢᠶᠦ᠋ᠨ᠂ ᠡᠯ᠎ᠡ ᠰᠤᠮᠤ ᠪᠠᠯᠭᠠᠰᠤ ᠲᠠᠯᠠᠪᠠᠢ᠂ ᠯᠦᠪᠸᠢ | ᠵᠡᠭᠡᠯᠢ ᠭᠤᠳᠤᠮᠵᠢ ᠶᠢᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠤᠯᠤᠰ ᠲᠥᠷᠥ ᠬᠠᠤᠯᠢ ᠴᠠᠭᠠᠵᠠ ᠶᠢᠨ | ᠭᠡᠰᠢᠭᠦᠨ᠂ ᠡᠩᠬᠡ ᠠᠮᠤᠭᠤᠯᠠᠩ ᠤᠨ ᠪᠠᠶᠢᠭᠤᠯᠤᠯᠳᠠ ᠶᠢᠨ ᠠᠯᠪᠠᠨ ᠭᠡᠷ ᠤᠨ ᠡᠷᠬᠢᠯᠡᠭᠴᠢ ᠬᠤᠷᠠᠯ ᠳᠤ ᠤᠷᠤᠯᠴᠠᠪᠠ᠃ | | | | | ᠭᠦᠸᠧ ᠮᠢᠩ ᠴᠢᠶᠦ᠋ᠨ ᠬᠠᠮᠳᠤ ᠶᠠᠪᠤᠭᠰᠠᠳ ᠲᠠᠢ ᠪᠠᠨ ᠤᠷᠢᠳ ᠬᠤᠵᠢᠳ ᠰᠢᠶᠠᠩᠱᠠᠨ ᠪᠠᠯᠭᠠᠰᠤᠨ ᠤ | ᠰᠢᠶᠣᠣ ᠾᠧ ᠰᠢ ᠲᠣᠰᠬᠤᠨ᠂ ᠰᠢᠶᠠᠩᠱᠠᠨ ᠲᠣᠰᠬᠤᠨ᠂ ᠰᠢᠶᠠᠩᠱᠠᠨ ᠪᠠᠯᠭᠠᠰᠤᠨ ᠤ ᠨᠠᠮ ᠪᠣᠯᠣᠨ ᠣᠯᠠᠨ ᠲᠦᠮᠡᠨ | ᠳᠤ ᠤᠶᠢᠯᠡᠴᠢᠯᠡᠬᠦ ᠲᠥᠪ᠂ ᠲᠤᠯᠤᠳᠤ ᠰᠤᠮᠤ ᠶᠢᠨ ᠰᠢᠷᠡᠭᠡᠳᠤ ᠭᠠᠴᠠᠭ᠎ᠠ᠂ ᠲᠤᠯᠤᠳᠤ ᠭᠠᠴᠠᠭ᠎ᠠ᠂ ᠲᠤᠯᠤᠳᠤ | ᠰᠤᠮᠤ ᠶᠢᠨ ᠨᠠᠮ ᠪᠠ ᠣᠯᠠᠨ ᠲᠦᠮᠡᠨ ᠳᠤ ᠤᠶᠢᠯᠡᠴᠢᠯᠡᠬᠦ ᠲᠥᠪ᠂ ᠯᠦᠪᠸᠢ ᠵᠡᠭᠡᠯᠢ ᠭᠤᠳᠤᠮᠵᠢ ᠶᠢᠨ ᠢᠦᠢ ᠯᠦᠩ | ᠨᠡᠶᠢᠭᠡᠮ ᠲᠣᠭᠤᠷᠢᠭ᠂ ᠰᠢᠤᠸᠠᠢ ᠶᠤᠸᠠᠨ ᠨᠡᠶᠢᠭᠡᠮ ᠲᠣᠭᠤᠷᠢᠭ ᠵᠡᠷᠭᠡ ᠭᠠᠵᠠᠷ ᠲᠤ ᠬᠦᠷᠴᠦ᠂ ᠠᠬᠤᠢ ᠭᠠᠵᠠᠷ ᠲᠤᠨᠢ | ᠪᠠᠶᠢᠴᠠᠭᠠᠨ ᠦᠵᠡᠬᠦ ᠪᠠ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠬᠡᠯᠪᠡᠷᠢ ᠪᠠᠷ ᠲᠠᠮᠵᠢᠨ ᠭᠠᠴᠠᠭ᠎ᠠ ᠲᠣᠰᠬᠤᠨ᠂ | ᠨᠡᠶᠢᠭᠡᠮ ᠲᠣᠭᠤᠷᠢᠭ ᠤᠨ ︽ᠬᠠᠮᠤᠷᠠᠨ ᠨᠢᠭᠡᠳᠭᠡᠭᠰᠡᠨ︾ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ᠂ | ᠲᠣᠣᠷᠵᠢᠭᠤᠯᠤᠭᠰᠠᠨ ᠬᠠᠮᠢᠶᠠᠷᠤᠯᠲᠠ᠂ ᠤᠯᠠᠨ ᠡᠰᠢᠲᠦ ᠵᠥᠷᠢᠴᠡᠯ ᠵᠠᠭᠤᠷᠠᠯᠳᠤᠭᠠᠨ ᠢ ᠡᠶᠡᠳᠡᠭᠦᠯᠬᠦ ᠲᠥᠪ ᠤᠨ | ᠪᠠᠶᠢᠭᠤᠯᠤᠯᠲᠠ ᠵᠡᠷᠭᠡ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠭᠰᠠᠨ ᠦᠨᠳᠦᠰᠦᠨ | ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠪᠠᠶᠢᠳᠠᠯ ᠢ ᠨᠠᠷᠢᠨ ᠣᠶᠢᠯᠠᠭᠠᠪᠠ᠃ | | | | | ᠬᠤᠷᠠᠯ ᠳᠡᠭᠡᠷ᠎ᠡ᠂ ᠭᠦᠸᠧ ᠮᠢᠩ ᠴᠢᠶᠦ᠋ᠨ ᠣᠳᠣᠬᠠᠨ ᠤ ᠪᠥᠬᠦ ᠬᠤᠰᠢᠭᠤᠨ ᠤ ᠬᠤᠲᠠ ᠶᠢᠨ | ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ | ᠵᠠᠳᠠᠯᠠᠬᠤ ᠶᠢᠨ ᠬᠠᠮᠲᠤ᠂ ᠦᠨᠳᠦᠰᠦᠨ ᠱᠠᠲᠤ ᠶᠢ ᠶᠡᠭᠡ ᠪᠠᠷ ᠠᠳᠬᠤᠬᠤ ᠢᠯᠡ ᠲᠣᠳᠣ ᠤᠳᠤᠷᠢᠳᠤᠮᠵᠢ ᠶᠢ ᠪᠠᠲᠤ | ᠪᠠᠬᠢ ᠪᠣᠶ ᠪᠣᠯᠭᠠᠵᠤ᠂ ︽ᠡᠮᠦᠨ᠎ᠡ ᠤᠷᠤᠨ ᠳᠤ ᠹᠧᠩ ᠴᠢᠶᠣᠤ᠂ ᠤᠮᠠᠷᠠᠳᠤ ᠤᠷᠤᠨ ᠳᠤ ᠲᠦᠩᠯᠢᠶᠣᠣ ᠪᠠᠶᠢᠬᠤ︾ | 1+6 ᠠᠵᠢᠯ ᠤᠨ ᠲᠥᠰᠥᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠᠷ ᠶᠡᠷᠦᠩᠬᠡᠶᠢᠯᠡᠨ ᠵᠢᠯᠣᠭᠤᠳᠤᠭᠤᠯᠵᠤ᠂ | ᠡᠬᠢ ᠪᠠᠶᠠᠯᠢᠭ ᠤᠨ ᠬᠦᠴᠦᠨ ᠢ ᠲᠥᠪᠯᠡᠷᠡᠭᠦᠯᠦᠨ᠂ ᠦᠨᠳᠦᠰᠦᠨ ᠱᠠᠲᠤᠨ ᠤ ᠰᠠᠭᠤᠷᠢ ᠶᠢ ᠪᠥᠬᠦ ᠲᠠᠯ᠎ᠠ ᠪᠠᠷ | ᠪᠠᠬᠢᠵᠢᠭᠦᠯᠵᠦ᠂ ᠪᠥᠬᠦ ᠬᠤᠲᠠ ᠶᠢᠨ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠭᠰᠠᠨ | ᠪᠦᠲᠦᠭᠡᠨ ᠪᠠᠶᠢᠭᠤᠯᠤᠯᠲᠠ ᠳᠤ ᠠᠮᠵᠢᠯᠲᠠ ᠲᠠᠢ ᠲᠤᠷᠰᠢᠯᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | | | | ᠭᠦᠸᠧ ᠮᠢᠩ ᠴᠢᠶᠦ᠋ᠨ ᠱᠠᠭᠠᠷᠳᠠᠭᠰᠠᠨ ᠨᠢ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠵᠤ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠤᠳᠤᠬᠢᠴᠢᠯᠠᠭᠰᠠᠨ ᠪᠦᠲᠦᠭᠡᠨ | ᠪᠠᠶᠢᠭᠤᠯᠤᠯᠲᠠ ᠶᠢ ︽ᠲᠦᠷᠤᠬᠦᠤ ᠤᠳᠤᠷᠢᠳᠤᠯᠭ᠎ᠠ︾ ᠶᠢᠨ ᠢᠨᠵᠧᠨᠧᠷᠢᠩ ᠪᠣᠯᠭᠠᠨ ᠠᠳᠬᠤᠵᠤ᠂ ᠨᠡᠩ | ᠰᠠᠨᠠᠭᠠᠴᠢᠯᠠᠭ᠎ᠠ ᠲᠠᠢ ᠠᠵᠢᠯ ᠤᠨ ᠣᠪᠣᠷ᠂ ᠨᠡᠩ ᠯᠠᠪᠳᠠᠭᠤᠨ ᠪᠠᠲᠤᠲᠠᠢ ᠠᠵᠢᠯ ᠤᠨ ᠰᠤᠷᠲᠠᠯ ᠢᠶᠠᠷ ᠠᠵᠢᠯ ᠤᠨ | ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠳᠠᠢ᠂ ᠡᠯ᠎ᠡ ᠤᠯᠤᠰ ᠲᠦᠷᠦ ᠬᠠᠤᠯᠢ ᠴᠠᠭᠠᠵᠠ ᠶᠢᠨ ᠭᠡᠰᠢᠭᠦᠳ | ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ ᠬᠤᠰᠢᠭᠤᠴᠢ ᠪᠤᠯᠬᠤ ᠪᠠᠷ ᠪᠠᠷᠠᠬᠤ ᠦᠭᠡᠢ ᠪᠠᠰᠠ ᠲᠠᠶᠢᠨ ᠳᠤ | ᠮᠣᠷᠳᠠᠵᠤ᠂ ᠴᠢᠬᠤᠯᠠ ᠶᠡᠭᠡ ᠠᠰᠠᠭᠤᠳᠠᠯ᠂ ᠭᠤᠣᠯᠳᠠᠯᠭ᠎ᠠ ᠲᠠᠢ ᠡᠭᠦᠷᠭᠡ ᠶᠢ ᠪᠡᠶ᠎ᠡ ᠪᠠᠷ ᠢᠶᠠᠨ ᠰᠤᠳᠤᠯᠵᠤ᠂ | ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠰᠢᠪᠠᠳᠠᠨ ᠰᠢᠢᠳᠪᠦᠷᠢᠯᠡᠭᠦᠯᠵᠦ᠂ ᠠᠵᠢᠯ ᠤᠨ ᠠᠬᠢᠴᠠ ᠶᠢᠨ | ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠣᠬᠢᠷᠠᠭᠤᠯᠵᠤ᠂ | ᠪᠤᠭᠤᠮᠳᠠ ᠰᠢᠢᠳᠪᠦᠷᠢᠯᠡᠬᠦ ᠠᠵᠢᠯᠯᠠᠭ᠎ᠠ ᠶᠢᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠡᠭᠦᠷᠭᠡ ᠠᠵᠢᠯ ᠤᠨ ᠬᠤᠪᠢᠶᠠᠷᠢᠯᠠᠯ ᠢᠶᠠᠨ ᠨᠠᠷᠢᠯᠢᠭᠵᠢᠭᠤᠯᠵᠤ᠂ ᠠᠵᠢᠯ ᠤᠨ ᠲᠥᠯᠥᠪᠯᠡᠭᠡ ᠪᠠᠨ ᠱᠠᠯᠠᠪᠳᠠᠨ | ᠲᠣᠭᠲᠠᠭᠠᠵᠤ᠂ ᠭᠠᠴᠠᠭ᠎ᠠ ᠲᠣᠰᠬᠤᠨ ᠤ ︽ᠬᠤᠶᠠᠷ ᠵᠥᠪᠯᠡᠯ︾᠂ ᠨᠡᠶᠢᠭᠡᠮ ᠲᠣᠭᠤᠷᠢᠭ ᠤᠨ ︽ᠨᠠᠮ ᠤᠨ ᠬᠤᠷᠢᠶ᠎ᠠ︾ | ᠶᠢᠨ ᠦᠢᠯᠡᠳᠦᠯ ᠢ ᠰᠠᠶᠢᠲᠤᠷ ᠪᠠᠳᠠᠷᠠᠭᠤᠯᠤᠨ᠂ ᠠᠵᠢᠯ ᠨᠢᠭᠡᠪᠦᠷᠢ ᠬᠠᠷᠠᠯᠲᠠ ᠲᠠᠢ᠂ ᠬᠤᠪᠢᠶᠠᠷᠢᠯᠠᠯ ᠲᠠᠢ᠂ ᠨᠠᠷᠢᠨ | ᠲᠠᠩᠰᠠ ᠲᠠᠢ ᠪᠠᠶᠢᠬᠤ ᠶᠢ ᠦᠨᠡᠨᠬᠦ ᠪᠠᠲᠤᠯᠠᠵᠤ᠂ ᠲᠣᠭᠲᠠᠭᠰᠠᠨ ᠴᠠᠭ ᠬᠤᠭᠤᠴᠠᠭ᠎ᠠ ᠠᠴᠠ ᠡᠮᠦᠨ᠎ᠡ ᠡᠭᠦᠷᠭᠡ ᠪᠠᠨ | ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ᠃ ᠬᠤᠰᠢᠭᠤᠨ ᠤ ᠡᠩᠬᠡ ᠠᠮᠤᠭᠤᠯᠠᠩ ᠤᠨ ᠪᠠᠶᠢᠭᠤᠯᠤᠯᠳᠠ ᠶᠢᠨ ᠠᠯᠪᠠᠨ ᠭᠡᠷ | ᠬᠢᠨ ᠬᠢᠨᠠᠨ ᠰᠢᠯᠭᠠᠬᠤ ︽ᠳᠣᠬᠢᠭᠤᠷ︾ ᠤᠨ ᠦᠢᠯᠡᠳᠦᠯ ᠢᠶᠠᠨ ᠪᠠᠳᠠᠷᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ | ᠲᠤᠤᠷ ᠤᠨ ᠠᠵᠢᠯᠲᠠᠨ ᠤ ᠠᠵᠢᠯ ᠢᠶᠠᠨ ᠠᠬᠢᠭᠤᠯᠵᠤ ᠪᠠᠶᠢᠭ᠎ᠠ ᠪᠠᠶᠢᠳᠠᠯ ᠢ ᠬᠢᠨᠠᠨ ᠵᠢᠯᠤᠭᠤᠳᠴᠤ ᠪᠠᠶᠢᠴᠠᠭᠠᠵᠤ᠂ | ᠠᠵᠢᠯ ᠤᠨ ᠠᠬᠢᠴᠠ ᠶᠢ ᠣᠶᠢᠯᠠᠭᠠᠨ᠂ ᠲᠤᠤᠷ ᠤᠨ ᠠᠵᠢᠯᠲᠠᠨ ᠤ ᠦᠢᠯᠡᠳᠦᠯ ᠢ ᠦᠨᠡᠨᠬᠦ ᠪᠠᠳᠠᠷᠠᠭᠤᠯᠬᠤ ᠬᠡᠷᠡᠭᠲᠡᠢ᠃ | ᠤᠯᠠᠨ ᠲᠦᠮᠡᠨᠴᠢ ᠪᠦᠯᠬᠦᠮ ᠤᠨ ᠠᠬᠢᠭᠤᠯᠬᠤ ᠦᠢᠯᠡᠳᠦᠯ ᠢ ᠪᠠᠳᠠᠷᠠᠭᠤᠯᠵᠤ᠂ ᠤᠯᠠᠨ ᠲᠦᠮᠡᠨᠴᠢ ᠪᠦᠯᠬᠦᠮ ᠤᠨ | ᠠᠬᠢᠭᠤᠯᠬᠤ ᠬᠠᠷᠢᠭᠤᠴᠠᠯᠭ᠎ᠠ ᠶᠢᠨ ᠲᠣᠭᠲᠠᠴᠠ ᠶᠢ ᠪᠠᠶᠢᠭᠤᠯᠵᠤ᠂ ᠤᠯᠠᠨ ᠲᠦᠮᠡᠨᠴᠢ ᠪᠦᠯᠬᠦᠮ ᠤᠨ ᠵᠣᠬᠢᠶᠠᠨ | ᠪᠠᠶᠢᠭᠤᠯᠤᠯᠲᠠ ᠶᠢ ᠬᠥᠲᠥᠯᠥᠨ ᠵᠢᠯᠤᠭᠤᠳᠴᠤ ᠪᠠᠶᠢᠭᠠᠳ ᠤᠯᠠᠨ ᠲᠦᠮᠡᠨ ᠤ ᠪᠠᠴᠢᠮ ᠬᠡᠷᠡᠭᠴᠡᠭᠡ᠂ ᠨᠠᠮ ᠵᠠᠰᠠᠭ ᠤᠨ | ᠬᠡᠷᠡᠭᠴᠡᠭᠡ᠂ ᠤᠯᠠᠨ ᠲᠦᠮᠡᠨᠴᠢ ᠪᠦᠯᠬᠦᠮ ᠤᠨ ᠬᠢᠵᠦ ᠳᠡᠶᠢᠯᠬᠦ ᠬᠦᠷᠢᠶ᠎ᠡ ᠳᠤ ᠲᠥᠪᠯᠡᠷᠡᠭᠦᠯᠵᠦ᠂ ᠬᠤᠳᠠ ᠶᠢᠨ | ᠬᠡᠪᠴᠢᠶᠡᠨ ᠤ ᠨᠡᠶᠢᠭᠡᠮ ᠤᠨ ᠵᠠᠰᠠᠯᠲᠠ ᠳᠤ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠳᠦᠷᠢᠮ | ᠲᠣᠭᠲᠠᠴᠠ ᠶᠢᠨ ᠦᠢᠯᠡᠳᠦᠯ ᠢ ᠪᠠᠳᠠᠷᠠᠭᠤᠯᠵᠤ᠂ ᠮᠡᠳᠡᠭᠡ ᠵᠠᠩᠭᠢ ᠶᠢᠨ ᠪᠤᠭᠤᠮᠠᠢ ᠶᠢ ᠢᠳᠡᠪᠬᠢᠲᠡᠢ ᠪᠠᠷ ᠡᠪᠳᠡᠵᠦ᠂ | ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠬᠦ᠂ ᠵᠣᠬᠢᠴᠠᠭᠤᠯᠤᠨ ᠬᠤᠯᠪᠤᠭᠠᠯᠠᠨ | ᠬᠥᠳᠡᠯᠦᠯᠴᠡᠬᠦ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠦᠷ᠎ᠡ ᠳ᠋ᠦᠩ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ᠨᠡᠶᠢᠲᠡᠯᠢᠭ ᠵᠢᠱᠢᠶ᠎ᠡ ᠦᠵᠡᠭᠦᠯᠬᠦ ᠬᠥᠮᠦᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠵᠤ | ᠂ ᠵᠢᠱᠢᠶ᠎ᠡ ᠦᠵᠡᠭᠦᠯᠬᠦ ᠲᠤᠷᠰᠢᠯᠭ᠎ᠠ ᠶᠢ ᠢᠳᠡᠪᠬᠢᠲᠡᠢ ᠰᠤᠷᠤᠯᠴᠠᠨ ᠲᠣᠯᠢᠳᠠᠵᠤ᠂ ᠲᠤᠰ ᠪᠡᠶ᠎ᠡ ᠶᠢᠨ ᠣᠨᠴᠠᠯᠢᠭ ᠲᠠᠢ | ᠠᠵᠢᠯ ᠤᠨ ᠬᠢᠯᠠᠰ ᠴᠡᠭ ᠢ ᠬᠦᠴᠦᠯᠡᠨ ᠡᠭᠦᠳᠴᠦ᠂ ᠭᠠᠵᠠᠷ ᠣᠷᠣᠨ ᠬᠤᠳᠠ ᠶᠢᠨ ᠬᠡᠪᠴᠢᠶᠡᠨ ᠳᠠᠬᠢ ᠨᠡᠶᠢᠭᠡᠮ ᠤᠨ | ᠵᠠᠰᠠᠯᠲᠠ ᠶᠢᠨ ᠰᠢᠨ᠎ᠡ ᠵᠠᠮ ᠢ ᠴᠢᠷᠮᠠᠶᠢᠨ ᠨᠡᠭᠡᠭᠡᠬᠦ ᠬᠡᠷᠡᠭᠲᠡᠢ ᠭᠡᠪᠡ᠃ | ᠬᠤᠷᠠᠯ ᠠᠴᠠ ᠪᠠᠰᠠ ᠪᠥᠬᠦ ᠬᠤᠰᠢᠭᠤᠨ ᠤ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ | ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ ᠣᠨ ᠤ ᠲᠦᠪᠯᠡᠷᠡᠭᠦᠯᠤᠨ ᠰᠢᠪᠳᠤᠯᠬᠤ ᠠᠵᠢᠯ ᠢ | ᠲᠣᠬᠢᠷᠠᠭᠤᠯᠤᠨ ᠪᠠᠶᠢᠷᠢᠯᠠᠭᠤᠯᠪᠠ︔ ᠵᠠᠷᠢᠮ ᠰᠤᠮᠤ ᠪᠠᠯᠭᠠᠰᠤᠨ ᠤ ᠬᠢᠨ ᠰᠠᠨᠠᠯ ᠢᠶᠠᠨ ᠰᠤᠯᠢᠯᠴᠠᠵᠦ ᠣᠪᠣᠷ ᠢᠶᠠᠨ | ᠢᠯᠡᠳᠭᠡᠪᠡ᠃ | |