| ︽ᠮᠠᠨ ᠤ ᠬᠥᠯᠥᠰᠦᠨ ᠠᠵᠢᠯᠴᠢᠳ ᠪᠠᠭ᠎ᠠ ᠰᠠᠭ᠎ᠠ ᠵᠣᠭᠤᠰ ᠣᠯᠬᠤ ᠨᠢ ᠲᠡᠶᠢᠮᠦ ᠬᠢᠯᠪᠠᠷ ᠪᠢᠰᠢ᠂ ᠪᠢᠳᠡ | ᠱᠠᠨᠳᠦ᠋ᠩ ᠠᠴᠠ ᠬᠥᠯᠥᠰᠦᠨ ᠠᠵᠢᠯ ᠬᠢᠬᠦ ᠪᠠᠷ ᠢᠷᠡᠪᠡ᠂ ᠡᠨᠡ ᠵᠣᠭᠤᠰ ᠢ ᠪᠢᠳᠡᠨ ᠳᠤ ᠥᠭᠬᠦ ᠦᠭᠡᠢ ᠪᠣᠯ | ᠠᠮᠢᠳᠤᠷᠠᠬᠤ ᠶᠢᠨ ᠠᠷᠭ᠎ᠠ ᠦᠭᠡᠢ ᠪᠣᠯᠣᠨ᠎ᠠ᠂ ᠠᠷᠠᠳ ᠤᠨ ᠴᠠᠭᠳᠠᠭ᠎ᠠ ᠨᠥᠬᠦᠷ ᠠ᠋᠂ ᠲᠠ ᠨᠠᠷ ᠲᠤ ᠲᠠᠯᠠᠷᠬᠠᠵᠤ | ᠪᠠᠶᠢᠨ᠎ᠠ︾ ᠭᠡᠵᠦ ᠬᠥᠯᠥᠰᠦᠨ ᠠᠵᠢᠯᠴᠢᠨ ᠭᠤᠣ ᠣᠪᠣᠭᠲᠤ ᠠᠷᠠᠳ ᠤᠨ ᠴᠠᠭᠳᠠᠭ᠎ᠠ ᠶᠢᠨ ᠭᠠᠷ ᠢ ᠠᠳᠬᠤᠨ ᠰᠡᠳᠬᠢᠯ | ᠬᠥᠳᠡᠯᠦᠨ ᠬᠡᠯᠡᠪᠡ᠃ | | | | ᠣᠶᠢᠷ᠎ᠠ ᠳᠤ᠂ ᠯᠢᠶᠣᠤᠨᠢᠩ ᠨᠤᠲᠤᠭ ᠲᠠᠢ ᠡᠷᠡᠭᠲᠡᠢ ᠱᠢ ᠣᠪᠣᠭᠲᠤ ᠴᠠᠭᠳᠠᠭ᠎ᠠ ᠳᠤ ᠬᠡᠷᠡᠭ ᠮᠡᠳᠡᠭᠦᠯᠬᠦ ᠳᠡᠭᠡᠨ᠂ | ᠭᠡᠷᠴᠢᠯᠠᠭᠤ ᠰᠤᠮᠤ ᠶᠢᠨ ᠵᠣᠰᠠᠯᠠᠩ ᠤᠨ ᠨᠢᠭᠡᠨ ᠺᠣᠮᠫᠠᠨᠢ ᠶᠢᠨ ᠲᠥᠷᠥᠯ ᠵᠦᠢᠯ ᠤᠨ ᠬᠡᠯᠲᠡᠰ ᠲᠤ ᠰᠦᠨ ᠣᠪᠣᠭᠲᠤ | ᠪᠣᠯᠣᠨ ᠬᠡᠳᠦᠨ ᠬᠥᠯᠥᠰᠦᠨ ᠠᠵᠢᠯᠴᠢᠨ ᠬᠥᠯᠥᠰᠦᠨ ᠮᠥᠩᠭᠦ ᠨᠡᠬᠡᠬᠡᠨ ᠠᠪᠬᠤ ᠭᠡᠳ ᠡᠭᠦᠳᠡ ᠪᠦᠭᠯᠡᠵᠦ ᠬᠡᠷᠡᠭ | ᠦᠳᠦᠵᠦ ᠪᠠᠶᠢᠨ᠎ᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠪᠠᠶᠢᠴᠠᠭᠠᠨ ᠰᠢᠢᠳᠪᠦᠷᠢᠯᠡᠬᠦ ᠶᠢ ᠬᠦᠰᠡᠵᠦ | ᠪᠠᠶᠢᠨ᠎ᠠ ᠭᠡᠪᠡ᠃ ᠭᠡᠷᠴᠢᠯᠠᠭᠤ ᠲᠣᠮᠢᠯᠠᠭᠰᠠᠨ ᠰᠠᠯᠪᠤᠷᠢ ᠬᠢᠨ ᠬᠡᠷᠡᠭ ᠮᠡᠳᠡᠭᠦᠯᠦᠯᠲᠡ ᠶᠢ ᠣᠯᠣᠭᠰᠠᠨ ᠤ ᠳᠠᠷᠠᠭ᠎ᠠ ᠲᠡᠷᠡ | ᠳᠠᠷᠤᠢ ᠳᠤᠨᠢ ᠪᠠᠶᠢᠳᠠᠯ ᠢ ᠨᠢ ᠣᠶᠢᠯᠠᠭᠠᠬᠤ ᠶᠢᠨ ᠲᠦᠯᠦᠭᠡ᠂ ᠵᠠᠬᠠᠨᠠᠭᠤᠷ ᠬᠤᠪᠢᠶᠠᠷᠢ ᠲᠣᠪᠴᠢᠶ᠎ᠠ ᠲᠠᠢ ᠬᠠᠮᠲᠤᠷᠠᠨ | ᠠᠵᠢᠯᠯᠠᠬᠤ ᠲᠣᠭᠲᠠᠴᠠ ᠶᠢ ᠡᠬᠢᠯᠡᠭᠦᠯᠵᠦ᠂ ᠠᠷᠠᠳ ᠤᠨ ᠴᠠᠭᠳᠠᠭ᠎ᠠ ᠲᠤᠰᠠᠯᠠᠬᠤ ᠴᠠᠭᠳᠠᠭ᠎ᠠ ᠪᠠᠨ ᠵᠣᠬᠢᠶᠠᠨ | ᠪᠠᠶᠢᠭᠤᠯᠤᠨ ᠲᠤᠰ ᠬᠡᠷᠡᠭ ᠤᠨ ᠲᠤᠬᠠᠢ ᠪᠠᠶᠢᠴᠠᠭᠠᠯᠲᠠ ᠬᠢᠪᠡ᠃ | | | | ᠪᠠᠶᠢᠴᠠᠭᠠᠭᠰᠠᠨ ᠢᠶᠠᠷ᠂ ᠰᠦᠨ ᠣᠪᠣᠭᠲᠤ ᠶᠢᠨ ᠨᠡᠷ᠎ᠡ ᠳᠣᠣᠷ᠎ᠠ ᠪᠠᠶᠢᠭᠤᠯᠤᠭᠰᠠᠨ ᠪᠠᠷᠢᠯᠭ᠎ᠠ ᠶᠢᠨ ᠬᠥᠳᠡᠯᠮᠦᠷᠢ | ᠦᠢᠯᠡᠴᠢᠯᠡᠭᠡᠨ ᠤ ᠺᠣᠮᠫᠠᠨᠢ ᠨᠢ ᠡᠨᠡ ᠵᠢᠯ ᠱᠢ ᠣᠪᠣᠭᠲᠤ ᠶᠢᠨ ᠨᠡᠷ᠎ᠡ ᠳᠣᠣᠷᠠᠬᠢ ᠠᠵᠤ ᠠᠬᠤᠶᠢᠯᠠᠯ ᠤᠨ 73 ᠲᠦᠮᠡ | ᠭᠠᠷᠤᠢ ᠲᠥᠭᠦᠷᠢᠭ ᠤᠨ ᠪᠠᠷᠢᠯᠭ᠎ᠠ ᠶᠢᠨ ᠵᠦᠢᠯᠡᠰ ᠢ ᠳᠠᠭᠠᠭᠠᠴᠢᠯᠠᠪᠠ᠃ ᠪᠠᠷᠢᠯᠭ᠎ᠠ ᠶᠢᠨ ᠠᠵᠢᠯ ᠳᠠᠭᠤᠰᠤᠭᠰᠠᠨ ᠤ | ᠲᠠᠷᠠᠭ᠎ᠠ᠂ ᠰᠦᠨ ᠣᠪᠣᠭᠲᠤ ᠪᠣᠯᠣᠨ ᠪᠠᠷᠢᠯᠭ᠎ᠠ ᠶᠢᠨ ᠵᠦᠢᠯᠡᠰ ᠢ ᠬᠤᠪᠢᠶᠠᠨ ᠳᠠᠭᠠᠭᠠᠴᠢᠯᠠᠭᠰᠠᠨ ᠭᠤᠤ ᠣᠪᠣᠭᠲᠤ᠂ | ᠶᠣᠣ ᠣᠪᠣᠭᠲᠤ ᠶᠢᠨ ᠬᠤᠭᠤᠷᠣᠨᠳᠤ ᠥᠷᠢ ᠰᠢᠷᠢ ᠶᠢᠨ ᠵᠢᠭᠤᠷᠠᠯᠳᠤᠭᠠᠨ ᠣᠷᠣᠰᠢᠵᠤ ᠪᠠᠶᠢᠭᠰᠠᠨ ᠠᠴᠠ᠂ | ᠪᠦᠯᠦᠭᠯᠡᠯ ᠤᠨ ᠬᠠᠷᠢᠭᠤᠴᠠᠯᠭᠠᠲᠠᠨ ᠱᠢ ᠣᠪᠣᠭᠲᠤ ᠠᠴᠠ ᠵᠥᠪᠬᠡᠨ ᠪᠠᠷᠢᠯᠭ᠎ᠠ ᠶᠢᠨ ᠬᠡᠰᠡᠭ ᠵᠣᠭᠤᠰ 34 ᠲᠦᠮᠡ | ᠭᠠᠷᠤᠢ ᠲᠥᠭᠦᠷᠢᠭ ᠢ ᠨᠢ ᠲᠠᠰᠤᠯᠤᠨ ᠪᠤᠳᠤᠵᠤ ᠥᠭᠪᠡ᠂ ᠦᠯᠡᠳᠡᠭᠰᠡᠨ 39 ᠲᠦᠮᠡ ᠭᠠᠷᠤᠢ ᠲᠥᠭᠦᠷᠢᠭ ᠢ ᠬᠡᠪ ᠤᠨ | ᠪᠠᠶᠢᠳᠠᠯ ᠢᠶᠠᠷ ᠥᠭᠴᠦ ᠳᠡᠶᠢᠯᠬᠦ ᠦᠭᠡᠢ ᠪᠣᠯᠣᠭᠰᠠᠨ ᠠᠴᠠ᠂ ᠱᠠᠨᠳᠦ᠋ᠩ ᠨᠤᠲᠤᠭ ᠲᠠᠢ 24 ᠬᠥᠯᠥᠰᠦᠨ ᠠᠵᠢᠯᠴᠢᠨ | ᠬᠥᠯᠥᠰᠦᠨ ᠮᠥᠩᠭᠦ ᠪᠠᠨ ᠠᠪᠬᠤ ᠭᠡᠳ ᠣᠯᠣᠭᠰᠠᠨ ᠦᠭᠡᠢ ᠲᠤᠯᠠ ᠰᠠᠶ᠋ᠢ ᠪᠠᠷᠢᠯᠭ᠎ᠠ ᠶᠢᠨ ᠬᠡᠯᠲᠡᠰ ᠲᠤ ᠬᠥᠯᠥᠰᠦᠨ | ᠮᠥᠩᠭᠦ ᠪᠠᠨ ᠠᠪᠬᠤ ᠭᠡᠳ ᠡᠭᠦᠳᠡ ᠪᠦᠭᠯᠡᠪᠡ᠃ | | | | ᠬᠡᠷᠡᠭ ᠢ ᠪᠠᠶᠢᠴᠠᠭᠠᠨ ᠲᠣᠳᠣᠷᠬᠠᠶᠢᠯᠠᠭᠰᠠᠨ ᠤ ᠳᠠᠷᠠᠭ᠎ᠠ᠂ ᠬᠠᠤᠯᠢ ᠪᠠᠷ ᠵᠠᠰᠠᠭᠰᠠᠨ ᠬᠤᠳᠠᠯᠳᠤᠭ᠎ᠠ ᠡᠵᠡᠩᠨᠡᠬᠦ | ᠰᠠᠶᠢᠨ ᠰᠠᠶᠢᠬᠠᠨ ᠣᠷᠴᠢᠨ ᠲᠣᠭᠤᠷᠢᠨ ᠢ ᠪᠤᠶ ᠪᠣᠯᠭᠠᠵᠤ᠂ ᠤᠯᠠᠨ ᠲᠦᠮᠡᠨ ᠤ ᠲᠤᠭ ᠪᠡᠶ᠎ᠡ ᠶᠢᠨ ᠠᠰᠢᠭ ᠲᠤᠰᠠ ᠶᠢ | ᠬᠠᠮᠠᠭᠠᠯᠠᠵᠤ᠂ ᠵᠥᠷᠢᠴᠡᠯ ᠰᠢᠷᠦᠭᠦᠰᠬᠦ ᠠᠴᠠ ᠵᠠᠶᠢᠯᠠᠰᠭᠢᠬᠦ ᠶᠢᠨ ᠲᠦᠯᠦᠭᠡ᠂ ᠠᠷᠠᠳ ᠤᠨ ᠴᠠᠭᠳᠠᠭ᠎ᠠ ᠪᠣᠯᠣᠨ ᠲᠦᠷᠦᠯ | ᠵᠦᠢᠯ ᠤᠨ ᠬᠡᠯᠲᠡᠰ ᠤᠨ ᠠᠵᠢᠯᠲᠠᠳ ᠶᠠᠷᠢᠯᠴᠠᠨ ᠵᠥᠪᠳᠡᠯᠴᠡᠵᠦ᠂ ᠪᠠᠰᠠ ᠤᠯᠠᠨ ᠤᠳᠠᠭ᠎ᠠ ᠪᠠᠷᠢᠯᠭ᠎ᠠ ᠶᠢᠨ ᠲᠠᠯ᠎ᠠ ᠶᠢᠨ | ᠬᠠᠷᠢᠭᠤᠴᠠᠯᠭᠠᠲᠠᠨ᠂ ᠬᠤᠪᠢᠶᠠᠨ ᠳᠠᠭᠠᠭᠠᠴᠢᠯᠠᠭᠰᠠᠨ ᠨᠢᠭᠡᠴᠡ ᠶᠢᠨ ᠬᠠᠷᠢᠭᠤᠴᠠᠯᠭᠠᠲᠠᠨ ᠲᠠᠢ ᠲᠤᠰ ᠲᠤᠰ ᠲᠤᠨᠢ | ᠶᠠᠷᠢᠯᠴᠠᠨ ᠡᠶᠡᠳᠡᠭᠦᠯᠵᠦ᠂ ᠬᠡᠷᠡᠭ ᠲᠤ ᠬᠤᠯᠪᠣᠭᠳᠠᠭᠰᠠᠨ ᠭᠤᠷᠪᠠᠨ ᠲᠠᠯ᠎ᠠ ᠬᠢᠨ ᠵᠢᠴᠢ ᠬᠥᠯᠥᠰᠦᠨ ᠠᠵᠢᠯᠴᠢᠨ ᠤ | ᠲᠥᠯᠥᠭᠡᠯᠡᠭᠴᠢ ᠶᠢ ᠵᠠᠬᠠᠨᠠᠭᠤᠷ ᠬᠤᠪᠢᠶᠠᠷᠢ ᠲᠣᠪᠴᠢᠶ᠎ᠠ ᠶᠢᠨ ︽ᠬᠤᠯᠪᠤᠭᠠᠯᠠᠨ ᠰᠢᠯᠵᠢᠭᠦᠯᠬᠦ ᠬᠤᠯᠪᠤᠭᠠᠯᠠᠨ | ᠬᠠᠮᠵᠢᠯᠴᠠᠬᠤ ᠠᠯᠪᠠᠨ ᠭᠡᠷ︾ ᠲᠤ ᠤᠷᠢᠵᠤ᠂ ᠦᠷᠢᠲᠦᠵᠦ ᠪᠠᠶᠢᠭ᠎ᠠ ᠴᠠᠯᠢᠩ ᠢ ᠢᠯᠭᠠᠷᠠᠭᠤᠯᠤᠨ ᠡᠶᠡᠳᠡᠭᠦᠯᠬᠦ | ᠬᠤᠷᠠᠯ ᠢ ᠵᠣᠬᠢᠶᠠᠨ ᠪᠠᠶᠢᠭᠤᠯᠵᠤ ᠬᠢᠪᠡ᠃ ᠭᠤᠷᠪᠠᠨ ᠡᠳᠦᠷ ᠳᠠᠷᠠᠭᠠᠯᠠᠨ ᠬᠦᠯᠢᠴᠡᠩᠭᠦᠢ ᠪᠠᠷ ᠢᠳᠬᠠᠨ ᠰᠤᠷᠭᠠᠬᠤ ᠪᠠ | ᠬᠤᠯᠪᠣᠭᠳᠠᠯ ᠪᠦᠬᠦᠢ ᠦᠨᠳᠦᠰᠦᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠦᠨ ᠲᠠᠶᠢᠯᠪᠤᠷᠢᠯᠠᠬᠤ ᠪᠠᠷ | ᠲᠠᠮᠵᠢᠨ᠂ ᠭᠤᠷᠪᠠᠨ ᠲᠠᠯ᠎ᠠ ᠶᠢᠨ ᠬᠢᠨ ᠢ ᠠᠮᠵᠢᠯᠲᠠ ᠲᠠᠢ ᠪᠠᠷ ᠬᠡᠯᠡᠯᠴᠡᠭᠡᠷ ᠲᠣᠭᠲᠠᠬᠤ ᠶᠢ ᠠᠬᠢᠭᠤᠯᠵᠤ᠂ | ᠡᠴᠦᠰ ᠲᠡᠭᠡᠨ ᠵᠠᠬᠠᠨᠠᠭᠤᠷ ᠬᠤᠪᠢᠶᠠᠷᠢ ᠲᠣᠪᠴᠢᠶ᠎ᠠ ᠶᠢᠨ ᠶᠡᠭᠡ ᠲᠢᠩᠬᠢᠮ ᠳᠤ ᠱᠢ ᠣᠪᠣᠭᠲᠤ ᠠᠴᠠ 24 ᠬᠥᠯᠥᠰᠦᠨ | ᠠᠵᠢᠯᠴᠢᠨ ᠤ ᠴᠠᠯᠢᠩ ᠢ ᠠᠬᠤᠢ ᠲᠠᠯᠠᠪᠠᠢ ᠳᠤᠨᠢ ᠭᠠᠷᠳᠠᠭᠤᠯᠤᠨ ᠥᠭᠪᠡ᠃ ᠢᠩᠭᠢᠭᠰᠡᠨ ᠠᠴᠠ ᠴᠠᠯᠢᠩ ᠢ | ᠤᠳᠠᠭᠠᠰᠢᠷᠠᠭᠤᠯᠤᠨ ᠦᠷᠢᠲᠦᠭᠰᠡᠨ ᠠᠴᠠ ᠡᠭᠦᠰᠦᠭᠰᠡᠨ ᠵᠥᠷᠢᠴᠡᠯ ᠢ ᠠᠮᠵᠢᠯᠲᠠ ᠲᠠᠢ ᠪᠠᠷ ᠰᠢᠢᠳᠪᠦᠷᠢᠯᠡᠭᠳᠡᠵᠦ᠂ | ᠬᠥᠯᠥᠰᠦᠨ ᠠᠵᠢᠯᠴᠢᠳ ᠤᠨ ᠴᠢᠷᠠᠢ ᠳᠤ ᠪᠠᠶᠠᠷ ᠤᠨ ᠢᠨᠢᠶᠡᠮᠰᠦᠭᠯᠡᠯ ᠪᠢᠯᠬᠠᠪᠠ᠃ | |