| | 8 ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠥᠷᠦ ᠶᠢᠨ ᠪᠣᠳᠣᠯᠭ᠎ᠠ ᠰᠤᠳᠤᠯᠬᠤ | ᠲᠠᠰᠤᠭ ᠤᠨ ᠳᠡᠳ᠋ ᠡᠷᠬᠢᠯᠡᠭᠴᠢ ᠴᠧᠩ ᠰᠢ ᠰᠢᠶᠠᠩᠱᠠᠨ ᠲᠠᠷᠢᠶᠠᠯᠠᠩ ᠤᠨ ᠲᠠᠯᠠᠪᠠᠶ ᠳᠤ ᠬᠦᠷᠴᠦ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠣᠯᠪᠠ᠃ ᠬᠤᠲᠠ | ᠶᠢᠨ ᠠᠷᠠᠳ ᠤᠨ ᠶᠠᠪᠣᠳᠠᠯ ᠤᠨ ᠲᠣᠪᠴᠢᠶᠠᠨ ᠤ ᠳᠡᠳ᠋ ᠳᠠᠷᠤᠭ᠎ᠠ ᠯᠢᠨ ᠵᠢᠩ ᠴᠦᠨ᠂ ᠳᠡᠳ᠋ ᠬᠤᠰᠢᠭᠤᠨ ᠳᠠᠷᠤᠭ᠎ᠠ | ᠳ᠋ᠦᠩ ᠭᠤᠸᠠᠩ ᠢᠦᠢ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ ᠴᠧᠩ ᠰᠢ ᠬᠠᠮᠲᠤ ᠶᠠᠪᠣᠭᠰᠠᠳ | ᠲᠠᠢ ᠪᠠᠨ ᠰᠢᠶᠠᠩᠱᠠᠨ ᠲᠠᠷᠢᠶᠠᠯᠠᠩ ᠤᠨ ᠲᠠᠯᠠᠪᠠᠢ ᠶᠢᠨ ᠭᠤᠷᠪᠠᠳᠤᠭᠠᠷ ᠬᠤᠪᠢᠶᠠᠷᠢ ᠲᠠᠯᠠᠪᠠᠢ ᠶᠢᠨ ᠰᠢᠩ ᠹᠦ᠋ | ᠨᠠᠰᠣᠲᠠᠨ ᠤ ᠬᠦᠷᠢᠶᠡᠯᠡᠩ ᠳᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠪᠠᠶᠢᠭᠤᠯᠤᠯᠲᠠ᠂ ᠬᠠᠮᠢᠶᠠᠷᠤᠯᠲᠠ᠂ ᠦᠢᠯᠡᠴᠢᠯᠡᠭᠡ ᠵᠡᠷᠭᠡ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠣᠷᠣᠵᠤ ᠰᠠᠭᠤᠭᠰᠠᠨ ᠵᠡᠷᠢᠮ | ᠨᠠᠰᠤᠲᠠᠶᠢᠴᠤᠳ ᠢ ᠡᠷᠬᠢᠨ ᠦᠵᠡᠵᠦ᠂ ᠲᠡᠳᠡᠨ ᠤ ᠪᠡᠶ᠎ᠡ ᠶᠢᠨ ᠪᠠᠶᠢᠳᠠᠯ᠂ ᠠᠮᠢᠳᠤᠷᠠᠯ ᠤᠨ ᠪᠠᠶᠢᠳᠠᠯ ᠵᠢᠴᠢ ᠠᠰᠠᠷᠠᠨ | ᠲᠡᠵᠢᠭᠡᠬᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ | | | |