ᠣᠶᠢᠷ᠎ᠠ ᠳᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ | ᠬᠦᠴᠦᠨ ᠤ ᠬᠡᠯᠲᠡᠰ ᠤᠨ ᠳᠠᠷᠤᠭ᠎ᠠ ᠦ᠋ ᠫᠧᠩ ᠹᠧᠢ ᠰᠢᠶᠠᠩᠱᠠᠨ ᠲᠠᠷᠢᠶᠠᠯᠠᠩ ᠤᠨ ᠲᠠᠯᠠᠪᠠᠶ ᠳᠤ ᠭᠦᠨᠵᠡᠭᠡᠶᠢᠷᠡᠨ ᠠᠵᠤ | ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃ ᠦ᠋ | ᠫᠧᠩ ᠹᠧᠢ ᠬᠠᠮᠳᠤ ᠶᠠᠪᠤᠭᠰᠠᠳ ᠲᠠᠢ ᠪᠠᠨ ᠤᠷᠢᠳ ᠬᠤᠵᠢᠳ ᠰᠢᠶᠠᠩᠱᠠᠨ ᠲᠠᠷᠢᠶᠠᠯᠠᠩ ᠤᠨ ᠲᠠᠯᠠᠪᠠᠢ ᠶᠢᠨ | ᠨᠢᠭᠡᠳᠦᠭᠡᠷ ᠬᠤᠪᠢᠶᠠᠷᠢ ᠲᠠᠯᠠᠪᠠᠢ ᠶᠢᠨ ᠨᠠᠮ ᠤᠯᠠᠨ ᠲᠦᠮᠡᠨ ᠳᠤ ᠤᠶᠢᠯᠡᠴᠢᠯᠡᠬᠦ ᠲᠥᠪ᠂ ᠲᠠᠷᠢᠶᠠᠯᠠᠩ ᠤᠨ ᠲᠤᠰᠠᠯᠠᠬᠤ | ᠠᠵᠤ ᠠᠬᠤᠢ ᠶᠢᠨ ᠪᠦᠲᠦᠭᠡᠭᠳᠡᠬᠦᠨ ᠪᠣᠯᠪᠠᠰᠤᠷᠠᠭᠤᠯᠬᠤ ᠦᠢᠯᠡᠳᠪᠦᠷᠢ᠂ ᠭᠤᠷᠪᠠᠳᠤᠭᠠᠷ ᠬᠤᠪᠢᠶᠠᠷᠢ ᠲᠠᠯᠠᠪᠠᠢ ᠶᠢᠨ | ᠰᠢᠬᠤᠯᠤ ᠶᠢᠨ ᠦᠷ᠎ᠡ ᠪᠣᠯᠪᠠᠰᠤᠷᠠᠭᠤᠯᠬᠤ ᠦᠢᠯᠡᠳᠪᠦᠷᠢ᠂ ᠲᠠᠪᠤᠳᠤᠭᠠᠷ ᠬᠤᠪᠢᠶᠠᠷᠢ ᠲᠠᠯᠠᠪᠠᠢ ᠶᠢᠨ ᠬᠤᠨᠢ ᠪᠣᠷᠳᠣᠵᠤ | ᠲᠠᠷᠭᠤᠯᠠᠭᠤᠯᠬᠤ ᠲᠡᠵᠢᠭᠡᠪᠤᠷᠢ ᠶᠢᠨ ᠰᠠᠭᠤᠷᠢᠨ ᠭᠠᠵᠠᠷ ᠵᠢᠴᠢ ᠵᠢᠷᠭᠤᠳᠤᠭᠠᠷ ᠬᠤᠪᠢᠶᠠᠷᠢ ᠲᠠᠯᠠᠪᠠᠢ ᠶᠢᠨ ᠦᠬᠡᠷ | ᠲᠡᠵᠢᠭᠡᠵᠦ ᠪᠠᠶᠢᠭ᠎ᠠ ᠡᠷᠦᠬᠡ ᠲᠤ ᠬᠦᠷᠪᠡ᠃ ᠬᠤᠪᠢᠶᠠᠷᠢ ᠲᠠᠯᠠᠪᠠᠢ ᠶᠢᠨ ᠺᠠᠳ᠋ᠷ᠂ ᠠᠵᠤ ᠠᠬᠤᠶᠢᠯᠠᠯ ᠤᠨ | ᠬᠠᠷᠢᠭᠤᠴᠠᠯᠭᠠᠲᠠᠨ ᠪᠣᠯᠣᠨ ᠠᠵᠢᠯᠲᠠᠨ ᠠᠵᠢᠯᠴᠢᠨ ᠤᠯᠠᠨ ᠲᠦᠮᠡᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ | ᠠᠵᠤ ᠦᠢᠯᠡᠰ ᠤᠨ ᠰᠠᠭᠤᠷᠢ ᠨᠥᠬᠦᠴᠡᠯ᠂ ᠲᠦᠷᠦᠯ ᠵᠦᠢᠯ ᠤᠨ ᠬᠡᠪᠴᠢᠶ᠎ᠡ᠂ ᠠᠵᠤ ᠠᠬᠤᠢ ᠶᠢᠨ ᠦᠷ᠎ᠡ ᠠᠰᠢᠭ | ᠪᠣᠯᠣᠨ ᠲᠠᠷᠢᠶᠠᠴᠢᠨ ᠪᠠ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭ᠎ᠠ ᠵᠡᠷᠭᠡ ᠪᠠᠶᠢᠳᠠᠯ ᠢ ᠯᠠᠪᠯᠠᠨ | ᠠᠰᠠᠭᠤᠪᠠ᠃ | | | |