ᠴᠢᠪᠠᠭᠠᠳᠤ ᠰᠤᠮᠤ᠄ ᠡᠷᠳᠡᠨᠢ ᠰᠢᠰᠢ ᠶᠢ ᠡᠳ᠋ᠰᠢᠬᠦᠯᠵᠦ ᠣᠷᠣᠯᠭ᠎ᠠ ᠶᠢᠨ ᠨᠡᠮᠡᠭᠳᠡᠯ ᠢ ᠠᠬᠢᠭᠤᠯᠵᠤ  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠮᠢᠵᠢᠷᠠᠯ ᠤᠨ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2022/9/5
       ᠡᠨᠡ ᠵᠢᠯ᠂ ᠴᠢᠪᠠᠭᠠᠳᠤ ᠰᠤᠮᠤ ᠶᠢᠨ ᠪᠠᠶᠠᠨᠬᠤᠸᠠ ᠭᠠᠴᠠᠭ᠎ᠠ ᠶᠢᠨ ᠨᠠᠮ ᠤᠨ ᠡᠭᠦᠷ ᠬᠤᠳᠠᠯᠳᠤᠭᠠᠴᠢᠨ ᠤᠷᠢᠵᠤ ᠪᠡᠯᠡ ᠲᠠᠳᠠᠬᠤ ᠪᠠᠷ ᠲᠠᠮᠵᠢᠨ ᠵᠠᠷᠤᠳ ᠬᠤᠰᠢᠭᠤᠨ ᠤ ᠶᠤᠸᠠᠨ ᠱᠧᠩ ᠢᠳᠡᠭᠡᠨ ᠤ ᠬᠢᠵᠠᠭᠠᠷᠲᠤ ᠺᠣᠮᠫᠠᠨᠢ ᠲᠠᠢ ᠬᠡᠯᠡᠯᠴᠡᠭᠡᠷ ᠲᠣᠭᠲᠠᠵᠤ᠂ ᠨᠠᠩᠭᠢ ᠡᠷᠳᠡᠨᠢ ᠰᠢᠰᠢ ᠡᠳ᠋ᠰᠢᠭᠦᠯᠬᠦ ᠦᠢᠯᠡᠳᠪᠦᠷᠢ ᠪᠠᠶᠢᠭᠤᠯᠪᠠ᠂ ᠠᠵᠤ ᠠᠬᠤᠶᠢᠯᠠᠯ ᠨᠢ ᠲᠤᠬᠠᠢ ᠶᠢᠨ ᠵᠢᠯ ᠳᠡᠭᠡᠨ ᠦᠢᠯᠡᠳᠪᠦᠷᠢ ᠪᠠᠶᠢᠭᠤᠯᠵᠤ᠂ ᠲᠤᠬᠠᠢ ᠶᠢᠨ ᠵᠢᠯ ᠳᠡᠭᠡᠨ ᠠᠰᠢᠭᠯᠠᠯᠲᠠ ᠳᠤ ᠣᠷᠣᠭᠤᠯᠬᠤ ᠶᠢ ᠪᠡᠶᠡᠯᠡᠭᠦᠯᠵᠦ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃ ᠣᠲᠣ ᠪᠣᠯᠲᠠᠯ᠎ᠠ᠂ ᠪᠠᠶᠠᠨᠬᠤᠸᠠ ᠭᠠᠴᠠᠭ᠎ᠠ ᠶᠢᠨ ᠡᠷᠳᠡᠨᠢ ᠰᠢᠰᠢ ᠡᠳ᠋ᠰᠢᠭᠦᠯᠬᠦ ᠲᠥᠷᠥᠯ ᠵᠦᠢᠯ ᠨᠢ ᠪᠥᠬᠦ ᠰᠤᠮᠤᠨ ᠤ ᠬᠤᠷᠰᠢᠶ᠎ᠠ ᠵᠢᠴᠢ ᠲᠣᠰ ᠭᠠᠵᠠᠷ ᠤᠨ 80 ᠭᠠᠷᠤᠢ ᠮᠠᠯᠴᠢᠨ ᠲᠠᠷᠢᠶᠠᠴᠢᠨ ᠡᠷᠦᠬᠡ ᠶᠢ ᠳᠠᠶᠢᠴᠢᠯᠠᠨ ᠠᠵᠢᠯ ᠣᠯᠭᠤᠵᠤ᠂ ᠲᠡᠳᠡᠨ ᠳᠤ 120 ᠲᠦᠮᠡᠨ ᠲᠥᠭᠦᠷᠢᠭ ᠴᠠᠯᠢᠩ ᠤᠨ ᠣᠷᠣᠯᠭ᠎ᠠ  ᠤᠯᠭᠤᠬᠤ ᠶᠢᠨ ᠬᠠᠮᠲᠤ ᠭᠠᠴᠠᠭ᠎ᠠ ᠶᠢᠨ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ 13.32 ᠲᠦᠮᠡᠨ ᠲᠥᠭᠦᠷᠢᠭ ᠨᠡᠮᠡᠭᠳᠡᠭᠦᠯᠵᠦ ᠪᠠᠶᠢᠨ᠎ᠠ ᠃ ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠢ ᠤᠯᠠᠮᠵᠢᠯᠠᠯᠲᠤ ᠲᠠᠷᠢᠶᠠᠨ ᠭᠠᠵᠠᠷ ᠤᠨ ᠲᠠᠷᠢᠮᠠᠯ ᠲᠠᠢ ᠬᠠᠷᠢᠴᠠᠭᠤᠯᠪᠠᠯ᠂ ᠮᠦ ᠪᠦᠷᠢ ᠶᠢᠨ ᠡᠷᠳᠡᠨᠢ ᠰᠢᠰᠢ ᠶᠢᠨ ᠣᠷᠣᠯᠭ᠎ᠠ ᠨᠢ 300 ᠲᠥᠭᠦᠷᠢᠭ ᠨᠡᠮᠡᠭᠳᠡᠵᠦ᠂ ᠨᠠᠮᠤᠷ ᠤᠨ ᠰᠡᠭᠦᠯᠴᠢ ᠪᠠᠷ ᠡᠰᠢ ᠰᠦᠷᠡᠯ ᠢ ᠨᠢ ᠬᠤᠷᠢᠶᠠᠨ ᠠᠪᠤᠪᠠᠯ ᠦᠷ᠎ᠡ ᠠᠰᠢᠭ ᠨᠢ ᠴᠦ ᠨᠡᠯᠢᠶᠡᠳ ᠰᠠᠶᠢᠨ ᠪᠠᠶᠢᠳᠠᠭ᠃        
微信图片_20220905094735.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号