ᠣᠶᠢᠷ᠎ᠠ ᠳᠤ᠂ ᠭᠤᠣᠯ ᠬᠤᠳᠠ ᠶᠢᠨ ᠲᠣᠭᠤᠷᠢᠭ ᠤᠨ ᠲᠦᠭᠡᠭᠡᠯ ᠤᠰᠤᠨ ᠤ ᠬᠤᠭᠤᠯᠠᠢ ᠶᠢ ᠥᠭᠡᠷᠡᠴᠢᠯᠡᠨ | ᠵᠠᠰᠠᠬᠤ ᠠᠵᠢᠯ ᠶᠠᠪᠤᠭᠳᠠᠵᠦ ᠪᠠᠶᠢᠭ᠎ᠠ ᠪᠣᠯᠬᠤᠷ ᠵᠠᠮ ᠤᠨ ᠭᠠᠳᠠᠷᠭᠤ ᠳᠤ ᠮᠠᠰᠢ ᠤᠯᠠᠨ ᠡᠯᠡᠰᠦ ᠰᠢᠷᠣᠢ ᠬᠤᠷᠠᠵᠦ᠂ | ᠪᠠᠰᠠ ᠬᠡᠳᠦᠨ ᠤᠳᠠᠭ᠎ᠠ ᠶᠡᠭᠡ ᠪᠣᠷᠣᠭᠠᠨ ᠤᠷᠤᠭᠰᠠᠨ ᠠᠴᠠ ᠪᠠᠷᠢᠯᠭ᠎ᠠ ᠶᠢᠨ ᠵᠠᠮ ᠤᠨ ᠬᠡᠰᠡᠭ᠂ ᠵᠠᠮ ᠤᠨ ᠬᠤᠲᠣᠭᠤᠷ | ᠭᠠᠵᠠᠷ ᠨᠢ ᠰᠢᠪᠠᠷ ᠪᠠᠯᠴᠢᠭ ᠲᠦᠭᠦᠷᠡᠵᠦ᠂ ᠤᠯᠠᠨ ᠲᠦᠮᠡᠨ ᠤ ᠶᠠᠪᠤᠵᠦ ᠰᠠᠭᠤᠬᠤ ᠳᠤ ᠮᠠᠰᠢ ᠳᠥᠭᠦᠮ ᠦᠭᠡᠢ | ᠪᠤᠯᠪᠠ᠃ ᠡᠭᠦᠨ ᠳᠤ᠂ ᠬᠤᠲᠠ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠲᠣᠪᠴᠢᠶ᠎ᠠ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠭᠠᠵᠠᠷ ᠬᠢᠨ ᠲᠡᠷᠡ | ᠳᠠᠷᠤᠢ ᠳᠤᠨᠢ ᠵᠠᠮ ᠴᠡᠪᠡᠷᠯᠡᠬᠦ ᠠᠵᠢᠯᠲᠠᠨ ᠢᠶᠠᠨ ᠵᠣᠬᠢᠶᠠᠨ ᠪᠠᠶᠢᠭᠤᠯᠤᠨ ᠵᠠᠮ ᠳᠡᠭᠡᠷᠡᠬᠢ ᠡᠯᠡᠰᠦ ᠰᠢᠪᠠᠷ ᠢ ᠴᠡᠪᠡᠷᠯᠡᠨ | ᠵᠠᠰᠠᠬᠤ ᠠᠵᠢᠯᠯᠠᠭ᠎ᠠ ᠥᠷᠨᠢᠭᠦᠯᠵᠦ᠂ ᠵᠠᠮ ᠤᠨ ᠭᠠᠳᠠᠷᠭᠤ ᠶᠢᠨ ᠠᠷᠢᠭᠤᠨ ᠴᠡᠪᠡᠷ ᠤᠨ ᠬᠡᠮᠵᠢᠶ᠎ᠡ ᠶᠢ ᠪᠥᠬᠦ ᠲᠠᠯ᠎ᠠ ᠪᠠᠷ | ᠳᠡᠭᠡᠭᠰᠢᠯᠡᠭᠦᠯᠪᠡ᠃ ᠲᠣᠰ ᠤᠳᠠᠭᠠᠨ ᠤ ᠠᠵᠢᠯᠯᠠᠭ᠎ᠠ ᠳᠤ ᠠᠷᠢᠭᠤᠨ ᠴᠡᠪᠡᠷ ᠢ ᠬᠠᠮᠠᠭᠠᠯᠠᠬᠤ ᠠᠵᠢᠯᠲᠠᠨ ᠨᠡᠶᠢᠲᠡ 20 | ᠭᠠᠷᠤᠢ ᠬᠥᠮᠥᠨ ᠤᠳᠠᠭ᠎ᠠ ᠤᠷᠤᠯᠴᠠᠵᠦ᠂ 6 ᠲᠡᠷᠭᠡ ᠬᠥᠰᠬᠡ ᠬᠥᠳᠡᠯᠭᠡᠵᠦ᠂ 10 ᠭᠠᠷᠤᠢ ᠲᠣᠨ ᠡᠯᠡᠰᠦ ᠰᠢᠪᠠᠷ ᠢ | ᠴᠡᠪᠡᠷᠯᠡᠪᠡ᠃ | | | |