ᠬᠤᠲᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠬᠢᠨ ᠰᠢᠨᠵᠢᠯᠡᠨ ᠪᠠᠶᠢᠴᠠᠭᠠᠬᠤ ᠪᠦᠯᠬᠦᠮ ᠪᠠᠶᠢᠭᠤᠯᠤᠨ ᠵᠠᠷᠤᠳ ᠬᠤᠰᠢᠭᠤᠨ ᠳᠤ ᠢᠷᠡᠵᠦ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2022/9/5
         9 ᠰᠠᠷ᠎ᠠ ᠶᠢᠨ 2 ᠤ ᠡᠳᠦᠷ᠂ ᠬᠤᠲᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠶᠢᠨ ᠳᠠᠷᠤᠭ᠎ᠠ ᠬᠤ᠋ ᠴᠢᠦ ᠬᠤᠩ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠠᠵᠢᠯᠲᠠᠳ ᠢ ᠳᠠᠭᠠᠭᠤᠯᠤᠨ ᠵᠠᠷᠤᠳ ᠬᠤᠰᠢᠭᠤᠨ ᠳᠤ ᠢᠷᠡᠵᠦ ᠮᠦᠩᠬᠡ ᠰᠣᠪᠠᠭ ᠤᠨ ︽ᠳᠥᠷᠪᠡ ᠶᠢ ᠭᠦᠢᠴᠡᠳᠭᠡᠬᠦ︾ ᠠᠵᠢᠯ ᠢ ᠲᠣᠭᠤᠷᠢᠨ ᠦᠵᠡᠵᠦ ᠰᠢᠨᠵᠢᠯᠡᠨ ᠪᠠᠶᠢᠴᠠᠭᠠᠪᠠ᠃ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠰᠢᠨᠵᠢᠯᠡᠨ ᠪᠠᠶᠢᠴᠠᠭᠠᠬᠤ ᠶᠢᠨ ᠬᠠᠮᠲᠤ ᠰᠠᠭᠤᠳᠠᠯ ᠤᠨ ᠬᠤᠷᠠᠯ ᠳᠤ ᠣᠷᠣᠯᠴᠠᠪᠠ᠃ 
7f26054bfad61de4622b4e7792bfaeb.jpg     
     ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ᠂ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠪᠦᠬᠦᠯᠢ ᠴᠣᠭᠴᠠ ᠶᠢᠨ ᠪᠠᠶᠢᠳᠠᠯ ᠤᠨ ᠲᠣᠬᠠᠢ ᠲᠠᠨᠢᠯᠴᠠᠭᠤᠯᠭ᠎ᠠ ᠶᠢ ᠰᠣᠨᠣᠰᠤᠭᠰᠠᠨ ᠪᠥᠭᠡᠳ ᠡᠯ᠎ᠡ ᠬᠡᠷᠡᠭ ᠡᠷᠭᠢᠯᠡᠬᠦ ᠴᠣᠩᠬᠤᠪᠴᠢ᠂ ᠥᠪᠡᠰᠦᠪᠡᠨ ᠦᠢᠯᠡᠴᠢᠯᠡᠬᠦ ᠲᠣᠭᠤᠷᠢᠭ ᠪᠠ ᠮᠦᠩᠬᠡ ᠰᠣᠪᠠᠭ ᠤᠨ ︽ᠳᠥᠷᠪᠡ ᠶᠢ  ᠭᠦᠢᠴᠡᠳᠭᠡᠬᠦ︾ ᠵᠡᠷᠭᠡ ᠣᠷᠣᠨ ᠪᠦᠰᠡ ᠪᠠᠷ ᠲᠣᠭᠤᠷᠢᠨ ᠦᠵᠡᠵᠦ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠴᠣᠩᠬᠤᠪᠴᠢ ᠶᠢᠨ ᠲᠣᠬᠢᠷᠠᠭᠤᠯᠤᠯᠲᠠ᠂ ᠠᠵᠢᠯᠲᠠᠨ ᠤ ᠲᠣᠬᠢᠷᠠᠭᠤᠯᠤᠯᠲᠠ᠂ ᠬᠡᠷᠡᠭ ᠶᠠᠪᠤᠳᠠᠯ ᠢ ᠡᠮᠬᠢᠯᠡᠨ ᠳᠢᠭᠯᠡᠬᠦ᠂ ᠲᠣᠭᠲᠠᠴᠠ ᠶᠢᠨ ᠪᠠᠶᠢᠭᠤᠯᠤᠯᠲᠠ ᠪᠠ ᠠᠵᠢᠯ ᠤᠨ ᠥᠷᠨᠢᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃
8437c3eab3e1066d2350b3785f9ff28.jpg    
     ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠵᠠᠷᠤᠳ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠣᠯᠣᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠵᠤ᠂ ᠡᠯ᠎ᠡ ᠭᠠᠵᠠᠷ ᠤᠨ ᠬᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠲᠠᠯ᠎ᠠ ᠪᠠᠷ ᠰᠣᠯᠢᠯᠴᠠᠭ᠎ᠠ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠵᠠᠷᠤᠳ ᠬᠤᠰᠢᠭᠤᠨ ᠤ ᠲᠤᠷᠰᠢᠯᠭ᠎ᠠ ᠠᠷᠭ᠎ᠠ ᠬᠢᠳᠡᠯ ᠢ ᠭᠦᠢᠴᠡᠳ ᠰᠤᠷᠤᠯᠴᠠᠨ ᠲᠣᠯᠢ ᠪᠣᠯᠭᠠᠵᠤ᠂ ᠲᠣᠰ ᠭᠠᠵᠠᠷ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠠᠩ ᠣᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠨᠢᠭᠡ ᠰᠦᠯᠵᠢᠶ᠎ᠡ ᠪᠠᠷ ᠭᠦᠢᠴᠡᠳᠬᠡᠬᠦ᠂ ᠠᠯᠠᠭᠠᠨ ᠳᠡᠭᠡᠷ᠎ᠡ ᠪᠠᠨ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ᠂ ᠲᠠᠨ ᠢ ᠬᠠᠪᠰᠤᠷᠤᠨ ᠭᠦᠢᠴᠡᠳᠬᠡᠬᠦ ᠶᠢ ᠪᠡᠶᠡᠯᠡᠭᠦᠯᠵᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠴᠢᠩᠭ᠎ᠠ ᠬᠦᠴᠦᠲᠡᠢ ᠦᠢᠯᠡᠴᠢᠯᠡᠭᠡᠨ ᠤ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃ 
b9721382e1b91a3af48c1228862c2f3.jpg    
      ᠳᠠᠷᠠᠭ᠎ᠠ ᠨᠢ᠂ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠮᠦᠩᠬᠡ ᠰᠣᠪᠠᠭ ᠤᠨ ︽ᠳᠥᠷᠪᠡ ᠶᠢ ᠭᠦᠢᠴᠡᠳᠭᠡᠬᠦ︾ ᠠᠵᠢᠯ ᠤᠨ ᠲᠤᠬᠠᠢ ᠶᠠᠷᠢᠯᠴᠠᠨ ᠰᠣᠯᠢᠯᠴᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号