| ᠵᠠᠷᠤᠳ ᠬᠤᠰᠢᠭᠤᠨ ᠤ ᠬᠢᠨ ᠤᠳᠤᠷᠢᠳᠬᠤ ᠺᠠᠳ᠋ᠷᠴᠤᠳ ᠤᠨ ᠳᠠᠪᠰᠢᠵᠤ ᠪᠣᠯᠬᠤ ᠪᠠᠭᠤᠵᠤ ᠪᠣᠯᠬᠤ | ᠲᠣᠭᠲᠠᠴᠠ ᠶᠢ ᠲᠡᠭᠦᠯᠳᠡᠷᠵᠢᠭᠦᠯᠬᠦ ᠪᠠᠷ ᠰᠢᠪᠲᠤᠯᠤᠯᠲᠠ ᠶᠢᠨ ᠴᠡᠭ ᠪᠣᠯᠭᠠᠵᠤ᠂ ︽ᠪᠠᠭᠤᠬᠤ︾ ᠠᠷᠭ᠎ᠠ ᠬᠡᠯᠪᠡᠷᠢ ᠶᠢᠨ | ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠠᠵᠢᠯ ᠦᠢᠯᠡᠰ ᠪᠦᠲᠦᠭᠡᠭᠴᠢ ᠶᠢ ᠳᠡᠪᠰᠢᠭᠦᠯᠬᠦ᠂ ᠠᠵᠢᠯ | ᠦᠢᠯᠡᠰ ᠦᠯᠦ ᠪᠦᠲᠦᠭᠡᠭᠴᠢ ᠶᠢ ᠣᠭᠴᠠᠷᠠᠭᠤᠯᠬᠤ᠂ ᠤᠳᠤᠷᠢᠳᠬᠤ ᠺᠠᠳ᠋ᠷᠴᠤᠳ ᠤᠨ ᠠᠵᠢᠯ ᠬᠢᠵᠦ ᠦᠢᠯᠡᠰ | ᠴᠣᠭᠴᠠᠯᠠᠬᠤ ᠰᠠᠨᠠᠭᠠᠴᠢᠯᠠᠭᠠᠲᠤ ᠴᠢᠨᠠᠷ ᠢ ᠪᠦᠲᠦᠮᠵᠢᠲᠡᠶ ᠬᠦᠭᠵᠢᠭᠡᠪᠡ᠃ | ᠲᠣᠭᠲᠠᠴᠠ ᠪᠠᠨ ᠲᠡᠭᠦᠯᠳᠡᠷᠵᠢᠭᠦᠯᠬᠦ ᠳᠤ ᠰᠠᠭᠤᠷᠢᠯᠠᠨ᠂ ᠺᠠᠳ᠋ᠷᠴᠤᠳ ᠢ ︽ᠳᠠᠪᠰᠢᠬᠤ ᠳᠤ ᠢᠯᠡ ᠲᠣᠳᠤ᠂ | ᠪᠠᠭᠤᠬᠤ ᠳᠤ ᠪᠢᠰᠢᠷᠡᠬᠦ︾ ᠪᠣᠯᠪᠠ᠃ ︽ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ ᠲᠤᠰᠢᠶᠠᠯ ᠳᠤ ᠳᠠᠪᠰᠢᠵᠤ | ᠪᠣᠯᠬᠤ ᠲᠤᠰᠢᠶᠠᠯ ᠠᠴᠠ ᠪᠠᠨ ᠪᠠᠭᠤᠵᠤ ᠪᠣᠯᠬᠤ ᠶᠢ ᠠᠬᠢᠭᠤᠯᠬᠤ ᠬᠡᠷᠡᠭᠵᠢᠭᠦᠯᠬᠦ ᠠᠷᠭ᠎ᠠ︾ ᠶᠢ ᠲᠣᠭᠲᠠᠭᠠᠵᠤ᠂ ᠤᠯᠤᠰ | ᠲᠦᠷᠦ ᠶᠢᠨ ᠢᠯᠡᠷᠡᠯ᠂ ᠣᠨ ᠤ ᠶᠡᠷᠦᠩᠬᠡᠶᠢᠯᠡᠭᠰᠡᠨ ᠬᠢᠨᠠᠨ ᠰᠢᠯᠭᠠᠯᠲᠠ ᠶᠢᠨ ᠦᠷ᠎ᠡ ᠳ᠋ᠦᠩ᠂ ᠤᠳᠤᠷᠢᠳᠬᠤ ᠪᠠᠭ | ᠪᠣᠯᠣᠨ ᠤᠳᠤᠷᠢᠳᠬᠤ ᠺᠠᠳ᠋ᠷ ᠤᠨ ᠣᠨ ᠤ ᠬᠢᠨᠠᠨ ᠰᠢᠯᠭᠠᠯᠲᠠ ᠶᠢᠨ ᠦᠷ᠎ᠡ ᠳ᠋ᠦᠩ᠂ ᠬᠠᠷᠢᠭᠤᠴᠠᠯᠭ᠎ᠠ ᠡᠭᠦᠷᠭᠡᠯᠡᠬᠦ | ᠦᠭᠡᠢ ᠠᠵᠢᠯᠯᠠᠭ᠎ᠠ ᠦᠭᠡᠢ ᠶᠢ ᠮᠠᠭᠠᠳᠯᠠᠨ ᠲᠣᠭᠲᠠᠭᠠᠭᠰᠠᠨ ᠦᠷ᠎ᠡ ᠳ᠋ᠦᠩ᠂ ᠨᠠᠮ ᠢ ᠪᠦᠬᠦ ᠲᠠᠯ᠎ᠠ ᠪᠠᠷ ᠴᠢᠩᠭ᠎ᠠ | ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠭᠦᠢᠴᠡᠳᠬᠡᠭᠰᠡᠨ ᠦᠭᠡᠢ ᠵᠡᠷᠭᠡ ᠲᠠᠯ᠎ᠠ ᠪᠠᠷ | ᠦᠨᠳᠦᠰᠦᠯᠡᠯ ᠪᠣᠯᠭᠠᠵᠤ᠂ 5 ᠲᠦᠷᠦᠯ ᠤᠨ᠂ 21 ᠵᠦᠢᠯ ᠤᠨ ᠺᠠᠳ᠋ᠷ ︽ᠪᠠᠭᠤᠬᠤ︾ ᠶᠢ ᠲᠣᠳᠣᠷᠬᠠᠶᠢᠯᠠᠵᠤ᠂ | ᠬᠠᠤᠯᠢ ᠴᠠᠭᠠᠵᠠ ᠰᠠᠬᠢᠯᠭ᠎ᠠ ᠪᠠᠲᠤ ᠶᠢ ᠵᠥᠷᠢᠴᠡᠭᠰᠡᠨ᠂ ᠬᠦᠨᠳᠦ ᠶᠡᠭᠡ ᠬᠡᠷᠡᠭ ᠭᠠᠷᠣᠭᠰᠠᠨ ᠠᠴᠠ ᠪᠣᠯᠵᠤ | ᠬᠠᠷᠢᠭᠤᠴᠠᠯᠭ᠎ᠠ ᠨᠡᠬᠡᠮᠵᠢᠯᠡᠭᠰᠡᠨ ᠵᠡᠷᠭᠡ ︽ᠡᠷᠬᠡᠪᠰᠢ ᠪᠠᠭᠤᠬᠤ︾ ᠺᠠᠳ᠋ᠷ ᠢ ᠡᠷᠡᠰ ︽ ᠪᠠᠭᠤᠯᠭᠠᠪᠠ︾︔ | ᠴᠢᠳᠠᠪᠤᠷᠢ ᠪᠠᠷ ᠳᠤᠲᠠᠮᠠᠭ᠂ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠭᠰᠡᠨ ᠦᠭᠡᠢ ᠵᠡᠷᠭᠡ ︽ᠪᠠᠭᠤᠪᠠᠯ | ᠵᠣᠬᠢᠬᠤ︾ ᠺᠠᠳ᠋ᠷ ᠢ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠬᠢᠨ ᠠᠴᠠ ᠤᠷᠢᠳᠴᠢᠯᠠᠨ ᠰᠡᠷᠡᠮᠵᠢᠯᠡᠭᠦᠯᠵᠦ᠂ | ᠠᠵᠢᠭᠯᠠᠬᠤ ᠬᠤᠭᠤᠴᠠᠭ᠎ᠠ ᠲᠣᠭᠲᠠᠭᠠᠵᠤ᠂ ᠰᠤᠷᠭᠠᠨ ᠬᠥᠮᠥᠵᠢᠭᠦᠯᠵᠦ ᠬᠥᠲᠥᠯᠥᠨ ᠵᠢᠯᠤᠭᠤᠳᠬᠤ ᠪᠠᠷ ᠳᠠᠮᠵᠢᠭᠠᠳ | ᠮᠥᠨ ᠯᠡ ᠬᠤᠪᠢᠷᠠᠬᠤ ᠦᠭᠡᠢ ᠪᠣᠯ ᠠᠵᠢᠯ ᠤᠨ ᠪᠠᠶᠢᠷᠢ ᠳᠤᠨᠢ ᠲᠣᠬᠢᠷᠠᠭᠤᠯᠤᠯᠲᠠ ᠬᠢᠪᠡ︔ ᠨᠠᠰᠤᠨ ᠤ ᠠᠮᠠᠷᠠᠯᠲᠠ | ᠠᠪᠤᠭᠰᠠᠨ᠂ ᠲᠤᠰᠢᠶᠠᠯ ᠤᠨ ᠬᠤᠭᠤᠴᠠᠭ᠎ᠠ ᠳᠠᠭᠤᠰᠤᠭᠰᠠᠨ᠂ ᠡᠷᠡᠭᠦᠯ ᠮᠡᠨᠳᠦ ᠶᠢᠨ ᠰᠢᠯᠲᠠᠭᠠᠨ ᠵᠡᠷᠭᠡ ︽ | ᠠᠶᠠᠨᠳᠠᠭᠠᠨ ᠪᠠᠭᠤᠬᠤ︾ ᠺᠠᠳ᠋ᠷ ᠢ ᠵᠢᠷᠤᠮᠵᠢᠭᠤᠯᠤᠨ ︽ᠪᠠᠭᠤᠯᠭᠠᠭᠰᠠᠨ︾ ᠪᠠᠶᠢᠨ᠎ᠠ᠃ ᠡᠭᠦᠨ ᠤ ᠬᠠᠮᠲᠤ | ᠰᠡᠷᠡᠮᠵᠢᠯᠡᠭᠦᠯᠬᠦ ᠬᠥᠮᠦᠵᠢᠯ ᠪᠠ ᠰᠢᠳᠬᠡᠯ ᠣᠯᠣᠭᠰᠠᠨ ᠨᠠᠮ ᠤᠨ ᠭᠡᠰᠢᠭᠦᠨ ᠺᠠᠳ᠋ᠷᠴᠤᠳ ᠢ ᠬᠠᠷᠢᠭᠤ ᠰᠤᠷᠪᠤᠯᠵᠢᠯᠠᠬᠤ | ᠬᠥᠮᠦᠵᠢᠯ ᠤᠨ ᠠᠵᠢᠯ ᠢ ᠵᠡᠷᠭᠡᠪᠡᠷ ᠥᠷᠨᠢᠭᠦᠯᠵᠦ᠂ ︽ᠨᠢᠭᠡ ᠬᠥᠮᠥᠨ ᠢ ᠲᠣᠬᠢᠷᠠᠭᠤᠯᠤᠯᠲᠠ ᠬᠢᠪᠡᠯ ᠣᠯᠠᠨ ᠬᠦᠮᠦᠨ ᠢ | ᠰᠡᠷᠡᠮᠵᠢᠯᠡᠭᠦᠯᠬᠦ︾ ᠰᠠᠶᠢᠨ ᠰᠠᠶᠢᠬᠠᠨ ᠠᠭᠤᠷ ᠠᠮᠢᠰᠬᠤᠯ ᠪᠠ ᠤᠯᠤᠰ ᠲᠥᠷᠥ ᠶᠢᠨ ᠠᠮᠢ ᠠᠬᠤᠢ ᠶᠢ ᠪᠤᠢ ᠪᠣᠯᠭᠠᠪᠠ᠃ | ᠲᠥᠷᠥ ᠶᠢᠨ ᠪᠣᠳᠣᠯᠭ᠎ᠠ ᠶᠢ ᠲᠣᠳᠣᠷᠬᠠᠢ ᠪᠣᠯᠭᠠᠬᠤ ᠳᠤ ᠰᠠᠭᠤᠷᠢᠯᠠᠨ᠂ ᠺᠠᠳ᠋ᠷᠴᠤᠳ ᠢ ︽ᠳᠠᠪᠰᠢᠬᠤ ᠳᠤ | ᠦᠨᠳᠦᠰᠦᠯᠡᠯ ᠲᠠᠢ᠂ ᠪᠠᠭᠤᠬᠤ ᠳᠤ ᠪᠠᠷᠢᠮᠲᠠ ᠲᠠᠢ︾ ᠪᠣᠯᠭᠠᠪᠠ᠃ ᠤᠳᠤᠷᠢᠳᠬᠤ ᠺᠠᠳ᠋ᠷ ᠢ ᠲᠦᠷᠦᠯ ᠬᠤᠪᠢᠶᠠᠨ | ᠬᠡᠮᠵᠢᠶᠡᠵᠢᠭᠦᠯᠦᠨ ᠬᠢᠨᠠᠨ ᠰᠢᠯᠭᠠᠬᠤ ᠶᠢ ᠬᠡᠷᠡᠭᠵᠢᠭᠦᠯᠵᠦ᠂ ᠵᠢᠯ ᠪᠦᠷᠢ ᠲᠦᠮᠡ ᠭᠠᠷᠤᠢ ᠺᠠᠳ᠋ᠷ ᠤᠨ ᠠᠵᠢᠯ ᠤᠨ ᠪᠣᠳᠠᠲᠤ | ᠠᠮᠵᠢᠯᠲᠠ ᠶᠢ ᠲᠦᠮᠡ ᠭᠠᠷᠣᠢ ᠵᠤᠷᠪᠣᠰ ᠴᠤᠭᠯᠠᠭᠤᠯᠵᠤ᠂ ᠶᠡᠷᠦᠩᠬᠡᠶᠢᠯᠡᠨ ᠰᠤᠳᠤᠯᠤᠨ ᠮᠠᠭᠠᠳᠯᠠᠭᠰᠠᠨ ᠤ | ᠳᠠᠷᠠᠭᠠᠷ ᠢᠶᠠᠷ ᠨᠢ ᠵᠢᠭᠰᠠᠭᠠᠵᠤ᠂ ᠨᠢᠭᠡᠳ ᠨᠢᠭᠡ ᠪᠠᠷ ᠪᠡᠶ᠎ᠡ ᠶᠢᠨ ᠪᠠᠶᠢᠴᠠᠭᠠᠯᠲᠠ ᠬᠢᠵᠦ᠂ ᠺᠠᠳ᠋ᠷ ᠤᠨ ︽ᠡᠭᠦᠷᠭᠡ | ᠬᠠᠷᠢᠭᠤᠴᠠᠯᠭ᠎ᠠ ᠪᠠᠨ ᠭᠦᠢᠴᠡᠳᠭᠡᠭᠰᠡᠨ ᠵᠢᠭᠠᠯᠲᠠ ᠲᠤᠭ᠎ᠠ︾ ᠶᠢ ᠡᠵᠡᠮᠳᠡᠪᠡ᠃ ︽ᠣᠳᠣ ᠶᠢᠨ ᠲᠤᠰᠢᠶᠠᠯ ᠢᠶᠠᠨ | ᠭᠦᠢᠴᠡᠳᠬᠡᠵᠦ ᠳᠡᠶᠢᠯᠬᠦ ᠦᠭᠡᠢ ᠺᠠᠳ᠋ᠷ ᠢ ᠲᠤᠰᠬᠠᠢ ᠲᠠᠨᠢᠯᠴᠠᠭᠤᠯᠬᠤ ᠬᠡᠷᠡᠭᠵᠢᠭᠦᠯᠬᠦ ᠠᠷᠭ᠎ᠠ︾ ᠶᠢ ᠲᠣᠭᠲᠠᠭᠠᠵᠤ᠂ | ᠤᠳᠤᠷᠢᠳᠬᠤ ᠪᠠᠭ ᠵᠢᠴᠢ ᠤᠳᠤᠷᠢᠳᠬᠤ ᠺᠠᠳ᠋ᠷ ᠢ ᠲᠥᠪᠯᠡᠷᠡᠭᠦᠯᠦᠨ ᠬᠢᠨᠠᠨ ᠰᠢᠯᠭᠠᠬᠤ ᠲᠠᠢ ᠤᠶᠠᠯᠳᠤᠭᠤᠯᠤᠨ᠂ | ᠣᠲᠣ ᠶᠢᠨ ᠲᠤᠰᠢᠶᠠᠯ ᠢᠶᠠᠨ ᠡᠭᠦᠷᠭᠡᠯᠡᠵᠦ ᠳᠡᠶᠢᠯᠬᠦ ᠦᠭᠡᠢ᠂ ᠣᠲᠣ ᠶᠢᠨ ᠲᠤᠰᠢᠶᠠᠯ ᠢᠶᠠᠨ ᠡᠭᠦᠷᠭᠡᠯᠡᠬᠦ ᠳᠤ ᠲᠣᠬᠢᠷᠠᠬᠤ | ᠦᠭᠡᠢ ᠺᠠᠳ᠋ᠷ ᠢ ᠲᠤᠰᠬᠠᠢ ᠲᠠᠨᠢᠯᠴᠠᠭᠤᠯᠬᠤ ᠶᠢ ᠥᠷᠨᠢᠭᠦᠯᠵᠦ᠂ ︽ᠨᠢᠭᠡᠳᠦᠭᠡᠷ ᠤᠳᠣᠷᠢᠳᠣᠯᠭ᠎ᠠ︾ ᠶᠢᠨ | ᠲᠠᠨᠢᠯᠴᠠᠭᠤᠯᠭ᠎ᠠ ᠳᠣᠣᠷᠠᠬᠢ ᠺᠠᠳ᠋ᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠢᠭᠡᠴᠡ ᠶᠢᠨ ᠭᠤᠣᠯ | ᠬᠠᠷᠢᠭᠤᠴᠠᠯᠭᠠᠲᠠᠨ ᠠᠴᠠ ᠨᠡᠷ᠎ᠡ ᠪᠢᠴᠢᠵᠦ ᠲᠠᠨᠢᠯᠴᠠᠭᠤᠯᠬᠤ ᠪᠠ ᠠᠷᠠᠳᠴᠢᠯᠠᠯ ᠢᠶᠠᠷ ᠲᠠᠨᠢᠯᠴᠠᠭᠤᠯᠤᠭᠰᠠᠨ ᠦᠷ᠎ᠡ | ᠳ᠋ᠦᠩ ᠢ ᠶᠡᠷᠦᠩᠬᠡᠶᠢᠯᠡᠨ᠂ ᠲᠠᠨᠢᠯᠴᠠᠭᠤᠯᠤᠭᠰᠠᠨ ᠪᠠ ᠤᠯᠤᠭᠰᠠᠨ ᠪᠢᠯᠧᠲ ᠨᠢ ᠨᠡᠯᠢᠶᠡᠳ ᠲᠦᠪᠯᠡᠷᠡᠭᠰᠡᠨ ᠬᠢᠨ ᠢ | ᠦᠶᠯᠡ ᠪᠠᠶᠢᠳᠠᠯ ᠤᠨ ᠬᠦᠨᠳᠦ ᠬᠥᠩᠭᠡᠨ ᠢ ᠦᠵᠡᠵᠦ᠂ ᠲᠤᠰᠢᠶᠠᠯ ᠠᠴᠠ ᠨᠢ ᠪᠠᠭᠤᠯᠭᠠᠬᠤ ᠵᠡᠷᠭᠡ ᠠᠷᠭ᠎ᠠ ᠮᠠᠶ᠋ᠢᠭ ᠢᠶᠠᠷ | ᠵᠣᠬᠢᠶᠠᠨ ᠪᠠᠶᠢᠭᠤᠯᠣᠯᠲᠠ ᠠᠴᠠ ᠰᠢᠢᠳᠪᠦᠷᠢᠯᠡᠵᠦ᠂ ︽ᠪᠠᠭᠤᠬᠤ︾ ᠶᠢᠨ ᠲᠤᠭ᠎ᠠ ᠪᠠᠷᠢᠮᠲᠠ ᠶᠢᠨ ᠬᠥᠮᠥᠷᠭᠡ ᠳᠤ | ᠣᠷᠣᠭᠤᠯᠤᠨ᠎ᠠ᠃ ︽ᠺᠠᠳ᠋ᠷᠴᠤᠳ ᠲᠤ ᠬᠢᠨᠠᠯᠲᠠ ᠲᠠᠯᠪᠢᠬᠤ ᠮᠡᠳᠡᠭᠡ ᠵᠠᠩᠭᠢ ᠶᠢ ᠮᠡᠳᠡᠭᠳᠡᠬᠦ ᠳᠦᠷᠢᠮ ᠢ ᠤᠯᠠᠮ ᠨᠢᠭᠡ | ᠠᠯᠬᠤᠮ ᠲᠡᠭᠦᠯᠳᠡᠷᠵᠢᠭᠦᠯᠬᠦ ᠲᠤᠬᠠᠢ ᠳᠥᠷᠢᠮ︾ ᠢ ᠨᠡᠶᠢᠲᠡᠯᠡᠵᠦ᠂ ᠰᠠᠬᠢᠯᠭ᠎ᠠ ᠪᠠᠲᠤ ᠪᠠᠶᠢᠴᠠᠭᠠᠬᠤ᠂ ᠵᠠᠬᠢᠳᠠᠯ | ᠰᠣᠷᠪᠤᠯᠵᠢᠯᠠᠭ᠎ᠠ ᠵᠡᠷᠭᠡ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠵᠠᠮ ᠢ ᠶᠡᠷᠦᠩᠬᠡᠶᠢᠯᠡᠨ | ᠬᠡᠷᠡᠭᠯᠡᠵᠦ᠂ ᠺᠠᠳ᠋ᠷᠴᠤᠳ ᠤᠨ ︽ᠨᠠᠢᠮᠠᠨ ᠴᠠᠭ ᠤᠨ ᠳᠣᠲᠣᠷ᠎ᠠ︾ ᠪᠠ ︽ᠨᠠᠢᠮᠠᠨ ᠴᠠᠭ ᠤᠨ ᠭᠠᠳᠠᠨ᠎ᠠ︾ ᠶᠢᠨ | ᠳ᠋ᠠᠶᠢᠲ᠋ᠠ ᠬᠥᠮᠥᠷᠭᠡ ᠶᠢ ᠪᠦᠷᠢᠯᠳᠦᠭᠦᠯᠪᠡ᠃ | ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠲᠣᠭᠲᠠᠴᠠ ᠳᠤ ᠰᠠᠭᠤᠷᠢᠯᠠᠨ᠂ ᠺᠠᠳ᠋ᠷᠴᠤᠳ ᠢ ︽ᠥᠭᠡᠳᠡᠯᠡᠨ | ᠲᠠᠪᠰᠢᠬᠤ ᠳᠤ ᠬᠦᠴᠦ ᠳᠣᠷᠪᠢᠲᠠᠢ᠂ ᠪᠠᠭᠤᠬᠤ ᠳᠤ ᠪᠢᠰᠢᠷᠡᠬᠦ︾ ᠪᠣᠯᠭᠠᠪᠠ᠃ ᠰᠡᠳᠬᠢᠯ ᠤᠨ ᠦᠭᠡ ᠪᠠᠨ ᠬᠡᠯᠡᠯᠴᠡᠨ | ᠶᠠᠷᠢᠯᠴᠠᠬᠤ ᠳᠦᠷᠢᠮ ᠢ ᠲᠡᠭᠦᠯᠳᠡᠷᠵᠢᠭᠦᠯᠵᠦ᠂ ᠺᠠᠳ᠋ᠷᠴᠤᠳ ᠲᠠᠢ ᠪᠠᠶᠢᠩᠭᠤ ᠰᠡᠳᠬᠢᠯ ᠤᠨ ᠦᠭᠡ ᠪᠠᠨ ᠬᠡᠯᠡᠯᠴᠡᠨ | ᠶᠠᠷᠢᠯᠴᠠᠵᠤ᠂ ᠰᠤᠷᠪᠤᠯᠵᠢᠯᠠᠨ ᠶᠠᠷᠢᠯᠴᠠᠵᠤ᠂ ︽ᠳᠥᠷᠪᠡ ᠶᠢ ᠵᠠᠪᠠᠯ ᠶᠠᠷᠢᠯᠴᠠᠬᠤ︾ ᠶᠢ ᠦᠨᠡᠨ ᠬᠦ ᠪᠡᠶᠡᠯᠡᠭᠦᠯᠵᠦ᠂ | ᠺᠠᠳ᠋ᠷᠴᠤᠳ ᠤᠨ ᠦᠨᠡᠨ ᠪᠣᠳᠠᠲᠠᠢ ᠢᠯᠡᠷᠡᠯ ᠢ ᠣᠨᠣᠪᠴᠢᠲᠠᠶ ᠡᠵᠡᠮᠰᠢᠪᠡ᠃ ︽ᠮᠥᠷᠳᠡᠬᠦ ᠮᠠᠶ᠋ᠢᠭ︾ ᠤᠨ ᠬᠢᠨᠠᠯᠲᠠ ᠶᠢ | ᠴᠢᠩᠭᠠᠳᠬᠠᠵᠤ᠂ ᠺᠠᠳ᠋ᠷ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠦᠨ᠂ 64 | ᠨᠡᠷᠡᠰ ᠡᠳᠦᠷ ᠲᠤᠲᠤᠮ ᠤᠨ ᠬᠢᠨᠠᠯᠲᠠ ᠲᠠᠯᠪᠢᠭᠴᠢ ᠶᠢ ᠰᠣᠩᠭᠤᠨ ᠲᠣᠮᠢᠯᠠᠵᠤ᠂ ᠰᠠᠨᠠᠭᠤᠯᠬᠤ ᠵᠠᠬᠢᠳᠠᠯ ᠢᠶᠠᠷ | ᠠᠰᠠᠭᠤᠬᠤ ᠰᠡᠷᠡᠮᠵᠢᠯᠡᠭᠦᠯᠦᠨ ᠵᠣᠷᠢᠭᠵᠢᠭᠤᠯᠬᠤ ᠶᠢ ᠪᠠᠶᠢᠩᠭᠤᠵᠢᠭᠤᠯᠤᠨ ᠥᠷᠨᠢᠭᠦᠯᠵᠦ᠂ ᠰᠢᠨ᠎ᠡ ᠪᠠᠷ ᠳᠡᠪᠰᠢᠭᠦᠯᠦᠨ | ᠲᠣᠮᠢᠯᠠᠭᠰᠠᠨ ᠰᠠᠯᠠᠭᠠᠨ ᠤ ᠲᠠᠰ ᠤᠨ ᠺᠠᠳ᠋ᠷ ᠲᠤ ᠰᠠᠨᠠᠭᠤᠯᠭ᠎ᠠ ᠶᠢᠨ ᠪᠢᠴᠢᠭ ᠲᠠᠷᠬᠠᠭᠠᠪᠠ᠃ ︽ ᠰᠢᠢᠳᠭᠡᠯ | ᠣᠯᠣᠭᠰᠠᠨ ᠺᠠᠳ᠋ᠷ ᠤᠨ ᠬᠥᠮᠦᠵᠢᠯ ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠵᠦ᠂ ᠵᠣᠬᠢᠶᠠᠨ ᠪᠠᠶᠢᠭᠤᠯᠤᠯᠲᠠ ᠶᠢᠨ | ᠰᠢᠢᠳᠭᠡᠯ ᠣᠯᠣᠭᠰᠠᠨ ᠪᠤᠶᠤ ᠤᠳᠤ ᠶᠢᠨ ᠲᠤᠰᠢᠶᠠᠯ ᠳᠠᠭᠠᠨ ᠲᠣᠬᠢᠷᠠᠬᠤ ᠦᠭᠡᠢ ᠠᠴᠠ ᠪᠣᠯᠵᠤ ᠪᠠᠭᠤᠭᠰᠠᠨ ᠺᠠᠳ᠋ᠷ ᠢ | ᠲᠤᠰᠬᠠᠢ ᠮᠡᠷᠭᠡᠵᠢᠯ ᠤᠨ ᠣᠨᠴᠠ ᠴᠢᠳᠠᠪᠤᠷᠢ ᠶᠢ ᠨᠢ ᠦᠨᠳᠦᠰᠦᠯᠡᠨ᠂ ᠡᠮᠦᠨ᠎ᠡ ᠹᠷᠣᠨᠲ ᠲᠤ ᠰᠣᠩᠭᠤᠨ ᠲᠣᠮᠢᠯᠠᠵᠤ | ᠳᠠᠪᠲᠠᠨ ᠪᠣᠯᠪᠠᠰᠤᠷᠠᠭᠤᠯᠪᠠ᠃ ᠨᠥᠯᠥᠭᠡᠯᠡᠬᠦ ᠬᠤᠭᠤᠴᠠᠭ᠎ᠠ ᠨᠢ ᠳᠦᠭᠦᠷᠦᠭᠰᠡᠨ᠂ ᠪᠣᠳᠠᠲᠤ ᠠᠮᠵᠢᠯᠲᠠ ᠨᠢ ᠲᠣᠪᠣᠶᠢᠮ᠎ᠠ | ᠂ ᠵᠣᠬᠢᠶᠠᠨ ᠪᠠᠶᠢᠭᠤᠯᠤᠯᠲᠠ ᠶᠢᠨ ᠬᠢᠨᠠᠨ ᠪᠠᠶᠢᠴᠠᠭᠠᠯᠲᠠ ᠪᠠᠷ ᠳᠠᠮᠵᠢᠭᠠᠳ ᠲᠤᠰᠢᠶᠠᠯ ᠡᠭᠦᠷᠭᠡᠯᠡᠬᠦ ᠨᠥᠬᠦᠴᠡᠯ ᠳᠤ | ᠨᠡᠶᠢᠴᠡᠭᠰᠡᠨ ᠢ ᠨᠢ ᠲᠠᠬᠢᠵᠤ ᠬᠡᠷᠡᠭᠯᠡᠨ᠎ᠡ᠃ ᠵᠢᠯ ᠤᠨ ᠡᠬᠢᠨ ᠠᠴᠠ ᠨᠠᠰᠢ᠂ 2 ᠨᠡᠷᠡᠰ ᠰᠢᠢᠳᠭᠡᠯ ᠣᠯᠣᠭᠰᠠᠨ ᠪᠣᠯᠪᠠᠴᠤ | ᠬᠤᠭᠤᠴᠠᠭ᠎ᠠ ᠨᠢ ᠳᠦᠭᠦᠷᠦᠭᠰᠡᠨ ᠺᠠᠳ᠋ᠷ ᠢ ᠳᠠᠭᠢᠵᠤ ᠬᠡᠷᠡᠭᠯᠡᠪᠡ᠃ | |