ᠵᠠᠷᠤᠳ ᠬᠤᠰᠢᠭᠤᠨ ᠤ ᠪᠠᠶᠢᠴᠠᠭᠠᠬᠤ ᠬᠤᠷᠢᠶ᠎ᠠ ᠬᠢᠨᠠᠨ ᠰᠢᠯᠭᠠᠬᠤ ᠠᠵᠢᠯ ᠢ ᠠᠬᠢᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2022/9/6
     9 ᠰᠠᠷ᠎ᠠ ᠶᠢᠨ 2 ᠤᠨ ᠡᠳᠦᠷ᠂ ᠵᠠᠷᠤᠳ ᠬᠤᠰᠢᠭᠤᠨ ᠤ ᠪᠠᠶᠢᠴᠠᠭᠠᠬᠤ ᠬᠤᠷᠢᠶ᠎ᠠ ᠪᠠᠶᠢᠴᠠᠭᠠᠬᠤ ᠠᠵᠢᠯᠲᠠᠨ ᠢ ᠬᠢᠨᠠᠨ ᠰᠢᠯᠭᠠᠬᠤ ᠠᠵᠢᠯ ᠢ ᠠᠬᠢᠭᠤᠯᠬᠤ ᠬᠤᠷᠠᠯ ᠬᠢᠵᠦ᠂ ᠪᠠᠶᠢᠴᠠᠭᠠᠬᠤ ᠠᠵᠢᠯᠲᠠᠨ ᠢ ᠬᠢᠨᠠᠨ ᠰᠢᠯᠭᠠᠬᠤ ᠠᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠪᠤᠳᠠᠳᠠᠶᠢᠵᠢᠭᠤᠯᠤᠨ ᠠᠬᠢᠭᠤᠯᠬᠤ ᠲᠠᠯ᠎ᠠ ᠪᠠᠷ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠂ ᠬᠤᠷᠠᠯ ᠢ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠪᠠᠶᠢᠴᠠᠭᠠᠬᠤ ᠳᠠᠷᠤᠭ᠎ᠠ ᠸᠠᠩ ᠵᠠᠨ ᠴᠤᠸ ᠡᠷᠭᠢᠯᠡᠪᠡ᠃ ᠪᠦᠬᠦ ᠺᠠᠳ᠋ᠷ ᠴᠠᠭᠳᠠᠭ᠎ᠠ ᠬᠤᠷᠠᠯ ᠳᠤ ᠣᠷᠣᠯᠴᠠᠵᠤ᠂ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠴᠢᠦᠢ ᠶᠧ ᠬᠤᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    
微信图片_20220906102317.jpg
     ᠬᠤᠷᠠᠯ ᠳᠡᠭᠡᠷ᠎ᠡ᠂ ︽ᠪᠠᠶᠢᠴᠠᠭᠠᠬᠤ ᠠᠵᠢᠯᠲᠠᠨ ᠢ ᠬᠢᠨᠠᠨ ᠰᠢᠯᠭᠠᠬᠤ ᠠᠵᠢᠯ ᠤᠨ ᠠᠷᠭ᠎ᠠ︾ ᠶᠢ ᠨᠠᠷᠢᠨ ᠲᠠᠶᠢᠯᠪᠤᠷᠢᠯᠠᠬᠤ ᠶᠢᠨ ᠬᠠᠮᠲᠤ 2022 ᠣᠨ ᠤ ᠪᠠᠶᠢᠴᠠᠭᠠᠬᠤ ᠠᠵᠢᠯᠲᠠᠨ ᠢ ᠬᠢᠨᠠᠨ ᠰᠢᠯᠭᠠᠬᠤ ᠠᠵᠢᠯ ᠤᠨ ᠭᠤᠣᠯᠳᠠᠯᠭ᠎ᠠ ᠶᠢ ᠴᠢᠬᠤᠯᠠᠴᠢᠯᠠᠪᠠ᠃      
微信图片_20220906102307.jpg
     ᠴᠢᠦᠢ ᠶᠧ ᠬᠤᠩ ᠱᠠᠭᠠᠷᠳᠠᠭᠰᠠᠨ ᠨᠢ᠄     ᠨᠢᠭᠡ ᠳᠤ ᠲᠠᠨᠢᠯᠲᠠ ᠶᠢᠨ ᠲᠠᠯ᠎ᠠ ᠪᠠᠷ ᠲᠣᠳᠣᠷᠬᠠᠢ ᠪᠠᠶᠢᠬᠤ ᠬᠡᠷᠡᠭᠲᠡᠢ᠃ ᠤᠯᠤᠰ ᠲᠦᠷᠦ ᠶᠢ ᠡᠷᠬᠢᠮᠯᠡᠬᠦ ᠦᠨᠳᠤᠷᠴᠡ ᠠᠴᠠ ᠪᠠᠶᠢᠴᠠᠭᠠᠬᠤ ᠠᠵᠢᠯᠲᠠᠨ ᠢ ᠬᠢᠨᠠᠨ ᠰᠢᠯᠭᠠᠬᠤ ᠠᠵᠢᠯ ᠢ ᠠᠬᠢᠭᠤᠯᠵᠤ᠂ ᠡᠯ᠎ᠡ ᠰᠠᠯᠠᠭ᠎ᠠ ᠮᠥᠴᠢᠷ ᠤᠨ  ᠬᠢᠨ ︽ᠬᠢᠨᠠᠨ ᠰᠢᠯᠭᠠᠬᠤ ᠠᠷᠭ᠎ᠠ︾ ᠶᠢ ᠬᠢᠨᠠᠮᠠᠭᠠᠢ ᠰᠤᠷᠤᠯᠴᠠᠨ ᠭᠦᠨᠵᠡᠭᠡᠢ ᠰᠤᠳᠤᠯᠵᠤ᠂ ᠬᠢᠨᠠᠨ ᠰᠢᠯᠭᠠᠬᠤ ᠠᠷᠭ᠎ᠠ ᠶᠢᠨ ᠴᠢᠭᠯᠡᠯᠲᠦ ᠴᠢᠨᠠᠷ᠂ ᠵᠠᠷᠴᠢᠮᠲᠤ ᠴᠢᠨᠠᠷ᠂ ᠣᠶᠢᠯᠠᠭᠠᠭᠳᠠᠬᠤᠨ ᠤ ᠴᠢᠨᠠᠷ ᠪᠠ ᠪᠣᠷᠣ ᠲᠥᠯᠥᠪ ᠤᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠬᠢᠨᠠᠨ ᠰᠢᠯᠭᠠᠬᠤ ᠠᠭᠤᠯᠭ᠎ᠠ ᠶᠢ ᠲᠤᠭᠤᠷᠠᠲᠠᠯ᠎ᠠ ᠵᠠᠳᠠᠯᠵᠤ᠂ ᠰᠠᠯᠠᠭ᠎ᠠ ᠮᠥᠴᠢᠷ ᠪᠠ ᠬᠤᠪᠢ ᠬᠥᠮᠥᠨ ᠤ ᠠᠵᠢᠯ ᠤᠨ ᠠᠮᠵᠢᠯᠲᠠ ᠶᠢ ᠦᠨᠡᠨ ᠪᠣᠳᠠᠲᠠᠢ ᠪᠦᠬᠦ ᠲᠠᠯ᠎ᠠ ᠪᠠᠷ ᠬᠢᠨᠠᠨ ᠰᠢᠯᠭᠠᠭᠰᠠᠨ ᠦᠷ᠎ᠡ ᠳ᠋ᠦᠩ ᠳᠤ ᠲᠤᠰᠬᠠᠬᠤ ᠬᠡᠷᠡᠭᠲᠡᠢ᠃ ᠬᠤᠶᠠᠷ ᠲᠤ ᠠᠷᠭ᠎ᠠ ᠬᠡᠮᠵᠢᠶ᠎ᠡ ᠶᠢᠨ ᠲᠠᠯ᠎ᠠ ᠪᠠᠷ ᠪᠣᠳᠠᠲᠠᠢ ᠪᠠᠶᠢᠬᠤ ᠬᠡᠷᠡᠭᠲᠡᠢ᠃ ᠬᠢᠨᠠᠨ ᠰᠢᠯᠭᠠᠬᠤ ︽ᠵᠦᠭᠯᠡᠭᠦᠷ︾ ︽ᠳᠣᠬᠢᠭᠤᠷ︾ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠡᠨ ᠬᠦ ᠠᠳᠬᠤᠨ ᠪᠣᠳᠠᠲᠠᠢ ᠠᠵᠢᠯᠯᠠᠨ᠂ ᠪᠠᠶᠢᠴᠠᠭᠠᠬᠤ ᠠᠵᠢᠯᠲᠠᠨ ᠢ ᠬᠢᠨᠠᠨ ᠰᠢᠯᠭᠠᠬᠤ ᠠᠵᠢᠯ ᠢ ᠭᠦᠨᠵᠡᠭᠡᠢ ᠥᠷᠨᠢᠭᠦᠯᠬᠦ ᠶᠢ ᠰᠡᠳᠬᠢᠯ ᠲᠠᠯᠪᠢᠨ᠂ ᠬᠦᠴᠦ ᠲᠠᠯᠪᠢᠵᠤ᠂ ᠤᠶᠤᠨ ᠤᠬᠠᠭᠠᠨ ᠢᠶᠠᠨ ᠰᠢᠪᠬᠠᠨ ᠠᠬᠢᠭᠤᠯᠬᠤ ᠶᠢᠨ ᠬᠠᠮᠲᠤ ᠢᠯᠡᠷᠡᠭᠦᠯᠦᠭᠰᠡᠨ ᠠᠰᠠᠭᠤᠳᠠᠯ ᠵᠢᠴᠢ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ ᠴᠠᠭ ᠲᠤᠨᠢ ᠲᠣᠬᠢᠷᠠᠭᠤᠯᠤᠨ ᠪᠢᠴᠢᠯ ᠲᠣᠬᠢᠷᠠᠭᠤᠯᠤᠯᠲᠠ ᠬᠢᠵᠦ᠂ ᠬᠢᠨᠠᠨ ᠰᠢᠯᠭᠠᠭᠰᠠᠨ ᠬᠡᠮᠵᠢᠭᠳᠡᠯ ᠤᠨ ᠮᠡᠳᠡᠷᠡᠬᠦ ᠬᠡᠮᠵᠢᠶ᠎ᠡ ᠶᠢ ᠳᠡᠭᠡᠭᠰᠢᠯᠡᠭᠦᠯᠵᠦ᠂ ᠬᠢᠨᠠᠨ ᠰᠢᠯᠭᠠᠭᠰᠠᠨ ᠶᠠᠰᠤ ᠴᠢᠨᠠᠷ᠂ ᠬᠢᠨᠠᠨ  ᠰᠢᠯᠭᠠᠯᠳᠠ ᠶᠢᠨ ᠪᠣᠳᠠᠲᠤ ᠦᠷ᠎ᠡ ᠪᠦᠲᠦᠮᠵᠢ ᠶᠢ ᠦᠨᠡᠨ ᠬᠦ ᠪᠠᠳᠤᠯᠠᠬᠤ ᠬᠡᠷᠡᠭᠳᠠᠢ᠃ ᠭᠤᠷᠪᠠ ᠳᠤ ᠦᠷ᠎ᠡ ᠪᠦᠲᠦᠮᠵᠢ ᠶᠢᠨ ᠲᠠᠯ᠎ᠠ ᠪᠠᠷ ᠢᠯᠡᠷᠡᠭᠦᠯᠬᠦ ᠬᠡᠷᠡᠭᠲᠡᠢ᠃ ᠬᠢᠨᠠᠨ ᠰᠢᠯᠭᠠᠬᠤ ᠪᠠ ᠬᠢᠨᠠᠯᠲᠠ ᠲᠠᠯᠪᠢᠬᠤ ᠶᠢ ᠤᠶᠠᠯᠳᠤᠭᠤᠯᠬᠤ ᠬᠡᠷᠡᠭᠲᠡᠢ᠃ ᠢᠲᠡᠭᠡᠯ ᠢᠶᠠᠷ ᠬᠢᠨᠠᠯᠲᠠ ᠶᠢ ᠣᠷᠣᠯᠠᠭᠤᠯᠵᠤ ᠪᠣᠯᠬᠤ ᠦᠭᠡᠢ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ︽ᠬᠢᠨᠠᠨ ᠰᠢᠯᠭᠠᠬᠤ ᠪᠣᠯ ᠳᠠᠷᠤᠢ ᠬᠢᠨᠠᠯᠲᠠ ᠲᠠᠯᠪᠢᠯᠳᠠ ᠮᠦᠨ︾ ᠭᠡᠰᠡᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠬᠢᠨᠠᠨ ᠰᠢᠯᠭᠠᠬᠤ ᠶᠢ ᠴᠢᠩᠭᠠᠳᠬᠠᠬᠤ ᠶᠢ ᠤᠳᠤᠷᠢᠳᠬᠤ ᠪᠠᠭ ᠪᠣᠯᠣᠨ ᠰᠠᠯᠠᠭ᠎ᠠ ᠮᠥᠴᠢᠷ ᠤᠨ ᠪᠠᠶᠢᠭᠤᠯᠤᠯᠲᠠ ᠶᠢ ᠴᠢᠩᠭᠠᠳᠬᠠᠬᠤ᠂ ᠠᠵᠢᠯ ᠤᠨ ᠰᠤᠷᠲᠠᠯ ᠢ ᠬᠤᠪᠢᠷᠠᠭᠤᠯᠬᠤ᠂ ᠠᠵᠢᠯ ᠤᠨ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠬᠦ ᠶᠢᠨ ᠬᠦᠴᠦᠲᠡᠢ᠂ ᠪᠦᠲᠦᠮᠵᠢᠲᠡᠢ ᠭᠠᠷᠳᠠᠴᠠ ᠪᠣᠯᠭᠠᠵᠤ᠂ ︽ᠴᠢᠩᠭ᠎ᠠ ᠬᠠᠮᠢᠶᠠᠷᠬᠤ ᠪᠣᠯ ᠳᠠᠷᠤᠢ ᠬᠠᠶᠢᠷ᠎ᠠ ᠬᠠᠯᠠᠮᠵᠢ ᠮᠥᠨ︾ ᠭᠡᠳᠡᠭ ᠢ ᠡᠳᠦᠷ ᠲᠤᠳᠤᠮ ᠤᠨ ᠠᠵᠢᠯ ᠳᠠᠭᠠᠨ ᠨᠠᠶᠢᠳᠠᠪᠤᠷᠢᠵᠢᠭᠤᠯᠵᠤ᠂ ᠪᠠᠶᠢᠩᠭᠤ ᠨᠠᠶᠢᠳᠠᠪᠤᠷᠢᠵᠢᠭᠤᠯᠬᠤ ᠬᠡᠷᠡᠭᠲᠡᠢ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号