ᠵᠠᠷᠤᠳ ᠬᠤᠰᠢᠭᠤᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/9/6
           ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯ ᠢ ᠭᠦᠨᠵᠡᠭᠡᠢ ᠠᠬᠢᠭᠤᠯᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠭᠠᠵᠢᠭᠤ ᠨᠣᠮᠯᠠᠯ ᠢ ᠡᠰᠡᠷᠭᠦᠴᠡᠬᠦ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠠᠵᠢᠯᠲᠠᠳ ᠭᠠᠵᠢᠭᠤ ᠨᠣᠮᠯᠠᠯ ᠢ ᠡᠰᠡᠷᠭᠦᠴᠡᠬᠦ ᠮᠡᠳᠡᠯᠭᠡ ᠶᠢᠨ ᠭᠠᠷ ᠳᠡᠪᠲᠡᠷ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠬᠡᠯᠪᠡᠷᠢ ᠪᠠᠷ ᠰᠠᠭᠤᠭᠠᠯᠢ ᠠᠷᠠᠳ ᠲᠤ ᠭᠠᠵᠢᠭᠤ ᠨᠣᠮᠯᠠᠯ ᠤᠨ ᠮᠥᠨ ᠴᠢᠨᠠᠷ ᠣᠨᠴᠠᠯᠢᠭ᠂ ᠬᠤᠣᠷ ᠬᠥᠨᠥᠭᠡᠯᠳᠦ ᠴᠢᠨᠠᠷ ᠢ ᠲᠠᠶᠢᠯᠪᠤᠷᠢᠯᠠᠨ ᠥᠭᠴᠦ᠂ ᠥᠷᠭᠡᠨ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠭᠠᠵᠢᠭᠤ ᠨᠣᠮᠯᠠᠯ ᠤᠨ ᠬᠠᠤᠯᠢ ᠪᠤᠰᠤ ᠴᠢᠨᠠᠷ᠂  ᠲᠡᠷᠰᠯᠡᠭᠦᠦ ᠴᠢᠨᠠᠷ ᠢ ᠲᠠᠨᠢᠭᠤᠯᠵᠤ᠂ ᠭᠠᠵᠢᠭᠤ ᠨᠣᠮᠯᠠᠯ ᠤᠨ ᠦᠭᠡ ᠶᠠᠷᠢᠶ᠎ᠠ ᠶᠢ ᠰᠣᠨᠣᠰᠬᠤ ᠦᠭᠡᠢ᠂ ᠦᠵᠡᠬᠦ ᠦᠭᠡᠢ᠂ ᠲᠠᠷᠬᠠᠭᠠᠨ ᠤᠯᠠᠮᠵᠢᠯᠠᠬᠤ ᠦᠭᠡᠢ ᠪᠠᠶᠢᠬᠤ ᠶᠢ ᠤᠬᠠᠮᠰᠠᠷ ᠠᠴᠠ ᠪᠠᠨ ᠪᠡᠶᠡᠯᠡᠭᠦᠯᠵᠦ᠂ ᠭᠠᠵᠢᠭᠤ ᠨᠣᠮᠯᠠᠯ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠢᠳᠡᠪᠬᠢᠲᠡᠢ ᠪᠠᠷ ᠢᠯᠡᠴᠢᠯᠡᠨ ᠮᠡᠳᠡᠭᠦᠯᠬᠦ ᠶᠢ ᠤᠷᠢᠶᠠᠯᠠᠪᠠ᠃    
微信图片_20220906102300.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号