ᠵᠠᠷᠤᠳ ᠬᠤᠰᠢᠭᠤᠨ ᠤ ᠪᠤᠶᠠᠨ ᠤ ᠦᠢᠯᠡᠰ ᠤᠨ ᠶᠡᠷᠦᠩᠬᠡᠢ ᠡᠪᠯᠡᠯ ᠬᠢᠨ ︽ᠳᠤᠮᠳᠠᠳᠤ ᠶᠢᠨ ᠪᠤᠶᠠᠨ ᠤ ᠦᠢᠯᠡᠰ ᠤᠨ ᠡᠳᠦᠷ︾ ᠤᠨ ᠰᠠᠭᠤᠳᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2022/9/6
 87f45b4d58e7e9cf3ba44be4d69e545.jpg    
    ᠥᠨᠥᠳᠥᠷ ᠪᠣᠯ ᠮᠠᠨ ᠤ ᠤᠯᠤᠰ ᠤᠨ ᠳᠣᠯᠣᠳᠤᠭᠠᠷ ︽ᠳᠤᠮᠳᠠᠳᠤ ᠶᠢᠨ ᠪᠤᠶᠠᠨ ᠤ ᠦᠢᠯᠡᠰ ᠤᠨ ᠡᠳᠦᠷ︾ ᠪᠣᠯᠣᠨ᠎ᠠ᠂ ︽ᠬᠥᠮᠥᠨ ᠪᠦᠬᠦᠨ ᠪᠤᠶᠠᠨ ᠤ ᠦᠢᠯᠡᠰ ᠣᠷᠣᠯᠴᠠᠵᠤ᠂ ᠪᠤᠶᠠᠨ ᠤ ᠦᠢᠯᠡᠰ ᠬᠢᠬᠦ ᠨᠢ ᠬᠥᠮᠥᠨ ᠪᠦᠬᠦᠨ ᠤ ᠲᠥᠯᠥᠭᠡ︾ ᠭᠡᠬᠦ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠤᠶ ᠪᠣᠯᠭᠠᠬᠤ ᠶᠢᠨ ᠲᠥᠯᠥᠭᠡ᠂ ᠵᠠᠷᠤᠳ ᠬᠤᠰᠢᠭᠤᠨ ᠤ ᠪᠤᠶᠠᠨ ᠤ ᠦᠢᠯᠡᠰ ᠤᠨ ᠶᠡᠷᠦᠩᠬᠡᠢ ᠡᠪᠯᠡᠯ ᠬᠢᠨ ︽ᠳᠤᠮᠳᠠᠳᠤ ᠶᠢᠨ ᠪᠤᠶᠠᠨ ᠤ ᠦᠢᠯᠡᠰ ᠤᠨ ᠡᠳᠦᠷ︾ ᠤᠨ ᠰᠠᠭᠤᠳᠠᠯ ᠤᠨ ᠬᠤᠷᠠᠯ ᠬᠢᠪᠡ᠃ ᠬᠤᠰᠢᠭᠤᠨ ᠤ ᠪᠤᠶᠠᠨ ᠤ ᠦᠢᠯᠡᠰ ᠤᠨ ᠶᠡᠷᠦᠩᠬᠡᠢ ᠡᠪᠯᠡᠯ ᠤᠨ ᠳᠠᠷᠤᠭ᠎ᠠ ᠭᠤᠸ ᠱᠤ᠋ ᠶᠢᠩ ᠰᠠᠭᠤᠳᠠᠯ ᠤᠨ ᠬᠤᠷᠠᠯ ᠳᠤ ᠣᠷᠣᠯᠴᠠᠪᠠ᠃
6d50d8a32b7d8826b48442849895f8f.jpg
      ᠬᠤᠷᠠᠯ ᠠᠴᠠ ᠵᠢᠭᠠᠪᠣᠷᠢᠯᠠᠭᠰᠠᠨ ᠨᠢ᠂ ᠣᠶᠢᠷ᠎ᠠ ᠶᠢᠨ ᠵᠢᠯ ᠤᠳ ᠲᠤ᠂ ᠬᠤᠰᠢᠭᠤᠨ ᠤ ᠪᠤᠶᠠᠨ ᠤ ᠦᠢᠯᠡᠰ ᠤᠨ ᠶᠡᠷᠦᠩᠬᠡᠢ ᠡᠪᠯᠡᠯ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠡᠪᠯᠡᠯ ᠪᠠᠶᠢᠭᠤᠯᠬᠤ ᠵᠣᠷᠢᠯᠲᠠ ᠪᠠᠨ ᠢᠮᠠᠭᠲᠠ ᠵᠢᠷᠤᠮᠯᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠠᠶᠢᠷ᠎ᠠ ᠬᠠᠯᠠᠮᠵᠢ ᠶᠢᠨ ᠬᠦᠴᠦᠨ ᠢ ᠥᠷᠭᠡᠨ ᠢᠶᠠᠷ ᠲᠠᠶᠢᠴᠢᠯᠠᠵᠦ᠂ ᠪᠤᠶᠠᠨ ᠤ ᠵᠣᠭᠤᠰ ᠮᠥᠩᠭᠦ ᠡᠳ᠋ ᠪᠣᠳᠠᠰ ᠢ ᠤᠯᠠᠨ ᠲᠠᠯ᠎ᠠ ᠪᠠᠷ ᠴᠤᠭᠯᠠᠭᠤᠯᠵᠤ᠂ ᠪᠤᠶᠠᠨ ᠤ ᠵᠦᠢᠯᠡᠰ ᠢ ᠬᠡᠷᠡᠭᠵᠢᠭᠦᠯᠦᠨ᠂ ᠪᠤᠶᠠᠨ ᠤ ᠠᠵᠢᠯᠯᠠᠭ᠎ᠠ ᠥᠷᠨᠢᠭᠦᠯᠵᠦ᠂ ᠪᠠᠴᠢᠮ ᠠᠪᠤᠷᠠᠨ ᠲᠤᠰᠠᠯᠠᠬᠤ᠂ ᠶᠠᠳᠠᠭᠤ ᠶᠢ ᠲᠡᠳᠬᠦᠵᠦ ᠬᠦᠴᠢᠷᠳᠡᠯᠲᠡᠢ ᠬᠢᠨ ᠢ ᠲᠤᠰᠠᠯᠠᠬᠤ᠂ ᠨᠠᠰᠤᠲᠠᠨ ᠢ ᠠᠰᠠᠷᠠᠨ ᠥᠨᠥᠴᠢᠨ ᠬᠡᠦᠬᠡᠳ ᠢ ᠲᠤᠰᠠᠯᠠᠬᠤ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ᠂ ᠰᠤᠷᠤᠯᠭ᠎ᠠ ᠶᠢ ᠲᠡᠳᠬᠦᠵᠦ ᠰᠤᠷᠭᠠᠨ ᠬᠥᠮᠦᠵᠢᠯ ᠢ ᠳᠡᠮᠵᠢᠬᠦ ᠵᠡᠷᠭᠡ ᠤᠯᠠᠨ ᠬᠦᠷᠢᠶ᠎ᠡ ᠴᠠᠷ᠎ᠠ ᠳᠤ ᠲᠣᠪᠣᠶᠢᠮ᠎ᠠ ᠦᠷ᠎ᠡ ᠪᠦᠲᠦᠮᠵᠢ ᠣᠯᠵᠤ᠂ ᠬᠦᠴᠢᠷᠳᠡᠯᠲᠡᠢ ᠤᠯᠠᠨ ᠲᠦᠮᠡᠨ ᠳᠤ ᠠᠳᠠᠯᠢ ᠪᠤᠰᠤ ᠬᠡᠯᠪᠡᠷᠢ ᠶᠢᠨ ᠠᠪᠤᠷᠠᠨ ᠲᠤᠰᠠᠯᠠᠯᠲᠠ ᠬᠦᠷᠲᠡᠭᠡᠵᠦ᠂ ᠤᠯᠤᠰ ᠤᠨ ᠪᠤᠶᠠᠨ ᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠬᠤ ᠨᠢᠭᠡᠨ ᠰᠠᠯᠠᠭ᠎ᠠ ᠴᠢᠬᠤᠯᠠ ᠬᠦᠴᠦᠨ ᠪᠣᠯᠪᠠ᠃ ᠭᠤᠸ ᠱᠤ᠋ ᠶᠢᠩ ᠠᠴᠠ᠂ ᠪᠤᠶᠠᠨ ᠤ ᠦᠢᠯᠡᠰ ᠢ ᠨᠠᠩ ᠣᠯᠠᠨ ᠤᠬᠠᠭᠤᠯᠭ᠎ᠠ ᠬᠢᠵᠦ᠂ ᠨᠠᠩ ᠣᠯᠠᠨ ᠬᠥᠮᠥᠰ ᠤᠨ ᠬᠠᠮᠲᠤ ᠪᠠᠷ ᠣᠷᠤᠯᠴᠠᠬᠤ ᠶᠢ ᠨᠥᠯᠥᠭᠡᠯᠡᠨ ᠳᠠᠶᠢᠴᠢᠯᠠᠵᠤ᠂ ᠨᠡᠶᠢᠭᠡᠮ ᠳᠠᠶᠠᠭᠠᠷ ᠢᠶᠠᠷ ᠢᠶᠠᠨ ᠪᠤᠶᠠᠨ ᠤ ᠦᠢᠯᠡᠰ ᠢ ᠳᠡᠮᠵᠢᠬᠦ᠂ ᠪᠤᠶᠠᠨ ᠤ ᠦᠢᠯᠡᠰ ᠲᠤ ᠣᠷᠤᠯᠴᠠᠬᠤ᠂  ᠪᠤᠶᠠᠨ ᠤ ᠦᠢᠯᠡᠰ ᠢ ᠬᠠᠮᠲᠤ ᠪᠠᠷ ᠡᠳ᠋ᠯᠡᠬᠦ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠶᠢ ᠬᠦᠰᠡᠵᠦ ᠪᠠᠶᠢᠨ᠎ᠠ ᠭᠡᠪᠡ᠃
5c0c6e79c781d9a21807f90e77282db.jpg
    ᠬᠤᠷᠠᠯ ᠳᠡᠭᠡᠷ᠎ᠡ᠂ ᠬᠤᠰᠢᠭᠤᠨ ᠤ ᠪᠤᠶᠠᠨ ᠤ ᠦᠢᠯᠡᠰ ᠤᠨ ᠶᠡᠷᠦᠩᠬᠡᠢ ᠡᠪᠯᠡᠯ ᠠᠴᠠ ᠬᠤᠰᠢᠭᠤᠨ ᠤ ᠬᠢᠲᠠᠳ ᠡᠮᠨᠡᠯᠭᠡ ᠶᠢᠨ ᠬᠤᠷᠢᠶ᠎ᠠ ᠳᠤ 30 ᠲᠦᠮᠡᠨ ᠲᠥᠭᠦᠷᠢᠭ ᠤᠨ ᠡᠮᠴᠢᠯᠡᠭᠡᠨ ᠤ ᠲᠥᠬᠦᠭᠡᠷᠦᠮᠵᠢ ᠬᠠᠨᠳᠢᠪᠯᠡᠪᠠ︔ ᠬᠤᠰᠢᠭᠤᠨ ᠤ ᠰᠢᠩ ᠯᠦ ᠵᠥᠭᠡᠭᠡᠪᠦᠷᠢ ᠶᠢᠨ ᠺᠣᠮᠫᠠᠨᠢ᠂ ᠿᠥ ᠺᠠᠩ ᠢᠳᠡᠭᠡᠨ ᠤ ᠬᠢᠵᠠᠭᠠᠷᠲᠤ ᠺᠣᠮᠫᠠᠨᠢ ᠬᠢᠨ ᠬᠤᠣᠰᠯᠠᠨ ᠳᠡᠮᠵᠢᠵᠦ ᠠᠨᠴᠢᠯ ᠪᠣᠯᠪᠠᠰᠣᠷᠠᠯ ᠰᠤᠷᠭᠠᠭᠤᠯᠢ ᠶᠢᠨ 4 ᠰᠤᠷᠤᠭᠴᠢ ᠶᠢ ᠬᠠᠪᠰᠤᠷᠤᠨ ᠲᠡᠳᠬᠦᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号