ᠨᠡᠶᠢᠲᠡ ᠶᠢᠨ ᠬᠡᠷᠡᠭᠯᠡᠭᠡᠨ ᠤ ᠬᠦᠴᠦᠳᠡᠯ ᠥᠭᠡᠷᠡᠴᠢᠯᠡᠭᠴᠢ ᠶᠢ ᠥᠭᠡᠷᠡᠴᠢᠯᠡᠨ ᠲᠠᠰ ᠳᠡᠪᠰᠢᠭᠦᠯᠵᠦ 773 ᠡᠷᠦᠬᠡ ᠪᠠᠶᠢᠰᠢᠩ ᠭᠡᠷ ᠤᠨ ᠲᠣᠭᠤᠷᠢᠭ ᠤᠨ ᠰᠠᠭᠤᠭᠠᠯᠢ ᠡᠷᠦᠬᠡ ᠳᠤ ᠨᠠᠮᠤᠷ ᠡᠪᠦᠯ ᠤᠨ ᠴᠠᠬᠢᠯᠭᠠᠨ ᠬᠡᠷᠡᠭᠯᠡᠬᠦ ᠳᠤ ᠰᠠᠨᠠᠭ᠎ᠠ ᠠᠮᠤᠷ ᠪᠣᠯᠭᠠᠪᠠ
ᠨᠡᠶᠢᠲᠡᠯᠡᠭᠰᠡᠨ ᠴᠠᠭ᠄
2022/9/6
    9 ᠰᠠᠷ᠎ᠠ ᠶᠢᠨ 5 ᠤ ᠡᠳᠦᠷ᠂ ᠵᠠᠷᠤᠳ ᠬᠤᠰᠢᠭᠤᠨ ᠤ ᠰᠢᠨ ᠳ᠋ᠢ ᠪᠣᠭᠤᠷᠰᠤᠭ ᠤᠨ ᠦᠢᠯᠡᠳᠪᠦᠷᠢ ᠶᠢᠨ ᠬᠠᠷᠢᠭᠤᠴᠠᠯᠭᠠᠲᠠᠨ ᠶᠠᠩ ᠱᠤ᠋ ᠵᠧᠨ ᠨᠢᠭᠡ ᠬᠤᠪᠢ ᠭᠠᠷ ᠪᠢᠴᠢᠮᠡᠯ ᠲᠠᠯᠠᠷᠬᠠᠯ ᠤᠨ ᠵᠠᠬᠢᠳᠠᠯ ᠢᠶᠠᠨ ᠤᠯᠤᠰ ᠤᠨ ᠴᠠᠬᠢᠯᠭᠠᠨ ᠲᠣᠣᠷ ᠤᠨ ᠵᠠᠷᠤᠳ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ ᠶᠢᠨ ᠴᠠᠬᠢᠯᠭᠠᠨ ᠬᠠᠩᠭᠠᠬᠤ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠼᠦᠢ ᠴᠦᠨ ᠹᠠ ᠳᠤ ᠬᠦᠷᠭᠡᠵᠦ᠂ ᠲᠣᠰ ᠺᠣᠮᠫᠠᠨᠢ ᠶᠢᠨ ᠠᠵᠢᠯᠲᠠᠨ ᠤ 304 ᠤᠯᠤᠰ ᠤᠨ ᠵᠠᠮ ᠤᠨ ᠡᠮᠦᠨᠡᠬᠢ ᠪᠠᠶᠢᠰᠢᠩ ᠭᠡᠷ ᠤᠨ ᠲᠣᠭᠤᠷᠢᠭ ᠤᠨ ᠰᠠᠭᠤᠭᠠᠯᠢ ᠡᠷᠦᠬᠡ ᠳᠤ ᠪᠣᠳᠠᠲᠠᠢ ᠶᠠᠪᠤᠳᠠᠯ ᠬᠢᠵᠦ ᠠᠷᠠᠳ ᠤᠨ ᠵᠣᠪᠠᠨᠢᠯ ᠢ ᠰᠢᠢᠳᠪᠦᠷᠢᠯᠡᠵᠦ ᠥᠭᠭᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃  
a42ff86aeb646ca1966f1baf9b0f94c.jpg
    8 ᠰᠠᠷ᠎ᠠ ᠶᠢᠨ ᠰᠡᠭᠦᠯᠴᠢ ᠪᠠᠷ᠂ ᠤᠯᠤᠰ ᠤᠨ ᠴᠠᠬᠢᠯᠭᠠᠨ ᠲᠣᠣᠷ ᠤᠨ ᠵᠠᠷᠤᠳ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ ᠶᠢᠨ ᠠᠵᠢᠯᠲᠠᠨ ᠡᠷᠦᠬᠡ ᠳᠤ ᠬᠦᠷᠴᠦ ᠰᠤᠷᠪᠤᠯᠵᠢᠯᠠᠬᠤ ᠳᠠᠭᠠᠨ ᠣᠶᠢᠯᠠᠭᠠᠭᠰᠠᠨ ᠢᠶᠠᠷ᠂ ᠨᠡᠭᠦᠷᠡᠰᠦᠨ ᠤ ᠦᠨ᠎ᠡ ᠶᠢᠨ ᠥᠰᠦᠯᠲᠡ ᠶᠢᠨ ᠨᠥᠯᠥᠭᠡ ᠠᠴᠠ ᠪᠣᠯᠵᠤ᠂ ᠣᠯᠠᠨ ᠡᠷᠦᠬᠡ ᠰᠠᠭᠤᠭᠠᠯᠢ ᠠᠷᠠᠳ ᠴᠠᠬᠢᠯᠭᠠᠨ ᠢᠶᠠᠷ ᠳᠤᠯᠠᠭᠠᠯᠠᠬᠤ ᠲᠥᠬᠦᠭᠡᠷᠦᠮᠵᠢ ᠤᠭᠰᠠᠷᠠᠬᠤ ᠬᠦᠰᠡᠯ ᠲᠠᠢ ᠪᠠᠶᠢᠵᠤ᠂ ᠡᠭᠦᠨ ᠤ ᠳᠡᠭᠡᠷ᠎ᠡ 304 ᠤᠯᠤᠰ ᠤᠨ ᠵᠠᠮ ᠤᠨ ᠣᠶᠢᠷ᠎ᠠ ᠬᠠᠪᠢ ᠳᠤ ᠮᠠᠰᠢᠨ ᠲᠡᠷᠭᠡ ᠰᠡᠯᠪᠢᠨ ᠵᠠᠰᠠᠬᠤ᠂ ᠢᠳᠡᠭᠡᠨ ᠪᠣᠯᠪᠠᠰᠤᠷᠠᠭᠤᠯᠬᠤ ᠵᠡᠷᠭᠡ ᠬᠡᠷᠡᠭᠯᠡᠭᠴᠢᠳ ᠤᠨ ᠲᠤᠭ᠎ᠠ ᠡᠳᠦᠢ ᠲᠡᠳᠦᠢ  ᠨᠡᠮᠡᠭᠳᠡᠪᠡ᠂ ᠪᠠᠶᠢᠳᠠᠯ ᠢ ᠣᠶᠢᠯᠠᠭᠠᠭᠰᠠᠨ ᠤ ᠲᠠᠷᠠᠭ᠎ᠠ᠂ ᠠᠵᠢᠯᠲᠠᠳ ᠲᠡᠷᠡ ᠳᠠᠷᠤᠢ ᠳᠤᠨᠢ ᠰᠢᠰᠲ᠋ᠧᠮ ᠢᠶᠠᠷ ᠳᠠᠮᠵᠢᠭᠤᠯᠤᠨ 304 ᠤᠯᠤᠰ ᠤᠨ ᠵᠠᠮ ᠤᠨ ᠣᠶᠢᠷᠠᠯᠴᠠᠭ᠎ᠠ ᠨᠡᠶᠢᠲᠡ ᠶᠢᠨ ᠬᠡᠷᠡᠭᠯᠡᠭᠡᠨ ᠤ ᠬᠦᠴᠦᠳᠡᠯ ᠥᠭᠡᠷᠡᠴᠢᠯᠡᠭᠴᠢ ᠶᠢᠨ ᠳᠠᠭᠠᠭᠠᠴᠠ ᠳᠤ ᠵᠠᠳᠠᠯᠤᠯᠲᠠ ᠬᠢᠵᠦ᠂ ᠵᠢᠴᠢ ᠤᠳᠤ ᠶᠢᠨ ᠳᠠᠭᠠᠭᠠᠴᠠ ᠪᠣᠯᠣᠨ ᠨᠡᠮᠡᠭᠳᠡᠵᠦ ᠪᠣᠯᠬᠤ ᠴᠠᠬᠢᠯᠭᠠᠨ ᠤ ᠳᠠᠭᠠᠭᠠᠴᠠ ᠳᠤ ᠴᠢᠭᠯᠡᠭᠦᠯᠦᠨ ᠨᠠᠷᠢᠨ ᠲᠣᠳᠣᠷᠬᠠᠢ ᠪᠦᠷᠢᠳᠬᠡᠯ ᠬᠢᠵᠦ᠂ ᠲᠡᠷᠡ ᠳᠠᠷᠤᠢ ᠳᠤᠨᠢ ᠳᠡᠭᠡᠳᠦ ᠱᠠᠲᠤᠨ ᠳᠤ ᠪᠠᠨ ᠭᠤᠶᠣᠴᠢᠯᠠᠨ ᠬᠠᠷᠢᠭᠤ ᠮᠡᠳᠡᠭᠦᠯᠪᠡ᠂ ᠵᠥᠪᠰᠢᠶᠡᠷᠡᠯ ᠣᠯᠣᠭᠰᠠᠨ ᠤ ᠲᠠᠷᠠᠭ᠎ᠠ ᠲᠡᠷᠡ ᠳᠠᠷᠤᠢ ᠳᠤᠨᠢ ᠤᠤᠯ ᠤᠨ ᠪᠠᠶᠢᠭᠰᠠᠨ 4 ᠬᠦᠴᠦᠳᠡᠯ ᠥᠭᠡᠷᠡᠴᠢᠯᠡᠭᠴᠢ ᠶᠢ ᠥᠭᠡᠷᠡᠴᠢᠯᠡᠨ ᠲᠡᠰ ᠳᠡᠪᠰᠢᠭᠦᠯᠪᠡ᠃    ᠨᠠᠢᠮᠠᠨ ᠰᠠᠷ᠎ᠠ  ᠶᠢᠨ ᠠᠷᠪᠠᠨ ᠲᠠᠪᠤᠨ ᠤ ᠪᠠᠶᠠᠷ ᠣᠶᠢᠷᠠᠳᠬᠤ  ᠶᠢ ᠳᠠᠭᠠᠯᠳᠤᠨ᠂ ᠬᠡᠷᠡᠭᠯᠡᠭᠴᠢᠳ ᠤᠨ ᠦᠢᠯᠡᠳᠪᠦᠷᠢᠯᠡᠯ ᠠᠮᠢᠳᠤᠷᠠᠯ ᠳᠤ ᠬᠡᠷᠡᠭᠯᠡᠬᠦ ᠴᠠᠬᠢᠯᠭᠠᠨ ᠢ ᠨᠥᠯᠥᠭᠡᠯᠡᠬᠦ ᠦᠭᠡᠢ ᠶᠢᠨ ᠲᠥᠯᠥᠭᠡ᠂ ᠡᠳ᠋ ᠪᠣᠳᠠᠰ ᠤᠨ ᠲᠣᠬᠢᠷᠠᠭᠤᠯᠤᠯᠲᠠ᠂ ᠠᠵᠢᠯᠲᠠᠨ ᠤ ᠵᠣᠬᠢᠴᠠᠭᠤᠯᠤᠯᠲᠠ ᠠᠴᠠ ᠠᠪᠤᠭᠠᠳ ᠠᠵᠢᠯᠯᠠᠬᠤ ᠴᠠᠭ ᠤᠨ ᠬᠠᠮᠢᠶᠠᠷᠤᠯᠲᠠ ᠡᠵᠡᠮᠳᠡᠯ ᠵᠡᠷᠭᠡ ᠲᠠᠯ᠎ᠠ ᠪᠠᠷ ᠭᠦᠢᠴᠡᠳ ᠪᠡᠯᠡᠳᠬᠡᠯ ᠬᠢᠵᠦ᠂ ᠦᠷᠲᠡᠭᠡ ᠶᠢᠨ ᠲᠣᠭᠤᠷᠢᠭ ᠤᠨ ᠳᠠᠭᠠᠭᠠᠮᠠᠯ ᠴᠠᠭ ᠲᠤᠬᠠᠢ  ᠳᠤᠨᠢ ᠸᠢᠴᠠᠲ ᠬᠤᠯᠪᠣᠭ᠎ᠠ ᠢᠶᠠᠷ ᠳᠠᠮᠵᠢᠭᠤᠯᠤᠨ ᠥᠷᠭᠡᠨ ᠣᠯᠠᠨ ᠬᠡᠷᠡᠭᠯᠡᠭᠴᠢᠳ ᠠᠴᠠ ᠴᠠᠬᠢᠯᠭᠠᠨ ᠵᠣᠭᠰᠣᠬᠤ ᠴᠠᠭ ᠤᠨ ᠲᠤᠬᠠᠢ ᠰᠠᠨᠠᠯ ᠬᠤᠷᠢᠶᠠᠭᠰᠠᠨ ᠪᠥᠭᠡᠳ ᠴᠠᠬᠢᠯᠭᠠᠨ ᠵᠣᠭᠰᠣᠬᠤ ᠮᠡᠳᠡᠭᠳᠡᠯ ᠢᠶᠠᠨ ᠴᠠᠭ ᠲᠤᠬᠠᠢ ᠳᠤᠨᠢ ᠨᠡᠶᠢᠲᠡᠯᠡᠵᠦ᠂ ᠬᠠᠮᠤᠭ ᠤᠨ ᠤᠬᠤᠷᠬᠠᠨ ᠬᠤᠭᠤᠴᠠᠭᠠᠨ ᠳᠤ 4 ᠰᠠᠤᠷᠢ ᠨᠡᠶᠢᠲᠡ ᠶᠢᠨ ᠬᠡᠷᠡᠭᠯᠡᠭᠡᠨ ᠤ ᠬᠦᠴᠦᠳᠡᠯ ᠥᠭᠡᠷᠡᠴᠢᠯᠡᠭᠴᠢ ᠶᠢ ᠥᠭᠡᠷᠡᠴᠢᠯᠡᠨ ᠲᠠᠰ ᠳᠡᠪᠰᠢᠭᠦᠯᠬᠦ ᠶᠢ  ᠪᠡᠶᠡᠯᠡᠭᠦᠯᠪᠡ᠃
0be05d34e088ea27454b52ee1428d76.jpg
    ᠥᠷᠯᠥᠭᠡ ᠶᠢᠨ 4 ᠴᠠᠭ ᠠᠴᠠ 6 ᠴᠠᠭ ᠪᠣᠯᠲᠠᠯ᠎ᠠ᠂ ᠣᠬᠤᠷᠬᠠᠨ 3 ᠴᠠᠭ ᠤᠨ ᠳᠣᠲᠣᠷ᠎ᠠ 20 ᠨᠡᠷᠡᠰ ᠠᠵᠢᠯᠲᠠᠨ ᠤ ᠴᠥᠬᠦᠷᠡᠰᠢ ᠦᠭᠡᠢ ᠴᠢᠷᠮᠠᠶᠢᠯᠭ᠎ᠠ ᠪᠠᠷ 4 ᠬᠦᠴᠦᠳᠡᠯ ᠥᠭᠡᠷᠡᠴᠢᠯᠡᠭᠴᠢ ᠶᠢ ᠥᠭᠡᠷᠡᠴᠢᠯᠡᠨ ᠳᠡᠰ ᠳᠡᠪᠰᠢᠭᠦᠯᠬᠦ ᠪᠠ ᠴᠠᠬᠢᠯᠭᠠᠨ ᠬᠦᠷᠭᠡᠬᠦ ᠠᠵᠢᠯ ᠢ ᠪᠡᠶᠡᠯᠡᠭᠦᠯᠪᠡ᠃   ︽ᠪᠢᠳᠡᠨ ᠴᠠᠬᠢᠯᠭᠠᠨ ᠬᠠᠩᠭᠠᠬᠤ ᠦᠢᠯᠡᠴᠢᠯᠡᠭᠡ ᠶᠢᠨ ᠲᠠᠯ᠎ᠠ ᠪᠠᠷ ᠨᠢᠳᠦᠨ ᠡᠮᠦᠨᠡᠬᠢ ᠠᠵᠢᠯ ᠢᠶᠠᠨ ᠰᠠᠶᠢᠲᠤᠷ ᠬᠢᠬᠦ ᠠᠴᠠ ᠭᠠᠳᠠᠨ᠎ᠠ᠂ ᠨᠡᠩ ᠴᠤ ᠬᠤᠯᠠ ᠶᠢᠨ ᠤᠬᠠᠮᠰᠠᠷ ᠲᠠᠢ ᠪᠠᠶᠢᠬᠤ ᠬᠡᠷᠡᠭᠲᠡᠢ᠂ ᠪᠢᠳᠡᠨ ᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠠᠷ ᠳᠠᠮᠵᠢᠨ 773 ᠡᠷᠦᠬᠡ ᠰᠠᠭᠤᠭᠠᠯᠢ ᠠᠷᠠᠳ ᠨᠠᠮᠤᠷ ᠡᠪᠦᠯ ᠴᠠᠬᠢᠯᠭᠠᠨ ᠬᠡᠷᠡᠭᠯᠡᠬᠦ ᠳᠤ ᠰᠠᠨᠠᠭ᠎ᠠ ᠠᠮᠤᠷ ᠪᠣᠯᠵᠤ᠂ ᠬᠡᠳᠦᠶᠢᠪᠡᠷ ᠶᠠᠪᠤᠴᠠ ᠳᠤ ᠵᠣᠪᠠᠭᠤᠷᠢ ᠵᠦᠳᠡᠭᠦᠷᠢ ᠲᠠᠢ ᠪᠠᠶᠢᠭᠰᠠᠨ ᠴᠤ ᠮᠠᠨ ᠤ ᠠᠵᠢᠯᠲᠠᠨ ᠨᠢᠭᠡᠪᠦᠷᠢ ᠪᠠᠶᠠᠷ ᠪᠠᠶᠠᠰᠬᠤᠯᠠᠩ ᠲᠠᠢ ᠪᠠᠶᠢᠪᠠ︾᠃ ᠭᠡᠵᠦ ᠠᠵᠢᠯᠲᠠᠨ ᠰᠢᠦᠢ ᠺᠠᠢ ᠬᠡᠯᠡᠪᠡ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号