| | | | 9 ᠰᠠᠷ᠎ᠠ ᠶᠢᠨ 5 ᠤ ᠡᠳᠦᠷ ᠠᠴᠠ 6 ᠤ ᠡᠳᠦᠷ ᠪᠣᠯᠲᠠᠯ᠎ᠠ᠂ ᠰᠢᠯᠢ ᠶᠢᠨ ᠭᠤᠣᠯ ᠠᠶᠢᠮᠠᠭ ᠤᠨ ᠬᠥᠪᠡᠭᠡᠲᠦ | ᠰᠢᠷ᠎ᠠ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠵᠣᠷᠢᠭᠲᠤ ᠰᠢᠨᠵᠢᠯᠡᠨ ᠪᠠᠶᠢᠴᠠᠭᠠᠬᠤ ᠪᠦᠯᠬᠦᠮ ᠬᠢᠨ ᠢ ᠳᠠᠭᠠᠭᠤᠯᠤᠨ ᠵᠠᠷᠤᠳ ᠬᠤᠰᠢᠭᠤᠨ ᠳᠤ ᠢᠷᠡᠵᠦ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠤᠳᠤ ᠦᠶ᠎ᠡ ᠶᠢᠨ ᠮᠠᠯ ᠠᠵᠤ ᠠᠬᠤᠢ ᠵᠢᠴᠢ ᠰᠣᠶᠣᠯ | ᠵᠢᠭᠤᠯᠴᠢᠯᠠᠯ ᠤᠨ ᠦᠢᠯᠡᠰ ᠤᠨ ᠬᠥᠭᠵᠢᠯᠲᠡ᠂ ᠬᠤᠪᠢᠰᠬᠠᠯ ᠤᠨ ᠬᠥᠮᠦᠵᠢᠯ ᠵᠡᠷᠭᠡ ᠠᠵᠢᠯ ᠢ ᠰᠢᠨᠵᠢᠯᠡᠨ ᠪᠠᠶᠢᠴᠠᠭᠠᠵᠤ | ᠰᠣᠯᠢᠯᠴᠠᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠡᠷᠭᠢᠯᠡᠭᠴᠢ ᠦ᠋ ᠴᠢᠩ ᠬᠠᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | | | ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠤᠷᠢᠳ ᠬᠤᠵᠢᠳ ᠵᠠᠷᠤᠳ ᠬᠤᠰᠢᠭᠤᠨ ᠤ ᠪᠠᠷ ᠵᠢᠷᠤᠭ ᠤᠨ | ᠬᠦᠷᠢᠶᠡᠯᠡᠩ᠂ ᠯᠦᠪᠧᠢ ᠪᠠᠯᠭᠠᠰᠤ ᠶᠢᠨ ᠰᠢᠶᠣᠣ ᠾᠧᠢ ᠱᠠᠨ ᠰᠠᠭᠠᠯᠢ ᠶᠢᠨ ᠦᠨᠢᠶᠡᠨ ᠤ ᠲᠡᠵᠢᠭᠡᠪᠦᠷᠢ ᠶᠢᠨ ᠲᠣᠰᠬᠠᠢ | ᠬᠤᠷᠰᠢᠶ᠎ᠠ᠂ ᠯᠦᠪᠧᠢ ᠪᠠᠯᠭᠠᠰᠤ ᠶᠢᠨ ᠶᠢᠦ ᠶᠤᠸᠠᠨ ᠴᠠᠭᠠᠨ ᠢᠳᠡᠭᠡᠨ ᠤ ᠦᠢᠯᠡᠳᠪᠦᠷᠢ᠂ ᠰᠢᠶᠠᠩᠱᠠᠨ | ᠲᠠᠷᠢᠶᠠᠯᠠᠩ ᠤᠨ ᠲᠠᠯᠠᠪᠠᠢ ᠶᠢᠨ ᠮᠠᠤ ᠽᠦ ᠳ᠋ᠦᠩ ᠤᠨ ᠬᠦᠷᠦᠭ ᠢ ᠨᠠᠨᠳᠢᠩᠨᠠᠨ ᠬᠠᠳᠠᠭᠠᠯᠠᠬᠤ ᠣᠷᠳᠣᠨ᠂ ᠵᠠᠷᠤᠳ | ᠬᠤᠰᠢᠭᠤᠨ ᠤ ᠡᠮᠦᠨ᠎ᠡ ᠪᠤᠯᠠᠭᠳᠤ ᠮᠦᠽᠧᠢ ᠳᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ | ᠲᠠᠨᠢᠯᠴᠠᠭᠤᠯᠭ᠎ᠠ ᠶᠢ ᠰᠣᠨᠣᠰᠬᠤ ᠵᠡᠷᠭᠡ ᠬᠡᠯᠪᠡᠷᠢ ᠪᠠᠷ ᠵᠠᠷᠤᠳ ᠬᠤᠰᠢᠭᠤᠨ ᠤ ᠰᠣᠶᠣᠯ ᠵᠢᠭᠤᠯᠴᠢᠯᠠᠯ ᠪᠣᠯᠣᠨ | ᠦᠬᠡᠷ ᠤᠨ ᠠᠵᠤ ᠦᠢᠯᠡᠰ ᠤᠨ ᠬᠥᠭᠵᠢᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ | | | ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠵᠠᠷᠤᠳ ᠬᠤᠰᠢᠭᠤᠨ ᠤ ᠡᠯ᠎ᠡ ᠲᠦᠷᠦᠯ ᠤᠨ ᠠᠵᠢᠯ ᠤᠨ ᠳᠤᠮᠳᠠ | ᠣᠯᠣᠭᠰᠠᠨ ᠠᠮᠵᠢᠯᠲᠠ ᠶᠢ ᠳᠡᠭᠡᠳᠦ ᠬᠡᠮᠵᠢᠶ᠎ᠡ ᠪᠠᠷ ᠦᠨᠡᠯᠡᠵᠦ᠂ ᠵᠠᠷᠤᠳ ᠬᠤᠰᠢᠭᠤᠨ ᠤ ᠲᠡᠷᠢᠭᠦᠨ ᠤ ᠲᠤᠷᠰᠢᠯᠭ᠎ᠠ | ᠪᠣᠯᠣᠨ ᠠᠷᠭ᠎ᠠ ᠬᠢᠳᠡᠯ ᠢ ᠨᠠᠷᠢᠨ ᠬᠢᠨᠠᠮᠠᠭᠠᠢ ᠰᠤᠷᠤᠯᠴᠠᠨ ᠲᠣᠯᠢᠳᠠᠵᠤ᠂ ᠬᠤᠶᠠᠷ ᠭᠠᠵᠠᠷ ᠤᠨ ᠬᠢᠨ ᠦᠪᠡᠷ ᠦᠪᠡᠷ ᠤᠨ | ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠨᠡᠪᠲᠡᠷᠡᠯᠴᠡᠭᠡ ᠰᠣᠯᠢᠯᠴᠠᠭ᠎ᠠ ᠪᠠᠨ ᠣᠯᠠᠮ ᠨᠢᠭᠡ ᠠᠯᠬᠤᠮ | ᠴᠢᠩᠭᠠᠳᠬᠠᠵᠤ᠂ ᠬᠠᠷᠢᠯᠴᠠᠨ ᠰᠤᠷᠤᠯᠴᠠᠨ ᠲᠣᠯᠢᠳᠠᠵᠤ᠂ ᠬᠤᠶᠠᠷ ᠭᠠᠵᠠᠷ ᠤᠨ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ | |