| | 9 ᠰᠠᠷ᠎ᠠ ᠶᠢᠨ 5 ᠤ ᠡᠳᠦᠷ᠂ ᠵᠠᠷᠤᠳ ᠬᠤᠰᠢᠭᠤᠨ ᠤ ᠪᠣᠬᠢᠷᠳᠤᠯ ᠦᠭᠡᠢ ᠡᠨᠧᠷᠭᠢ ᠶᠢᠨ ᠰᠤᠷᠪᠤᠯᠵᠢ ᠶᠢᠨ ᠪᠡᠯᠡ | ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠬᠢᠨ ︽ᠠᠵᠤ ᠠᠬᠤᠶᠢᠯᠠᠯ ᠤᠨ ᠬᠢᠨ ᠲᠠᠢ ᠰᠡᠳᠬᠢᠯ ᠢᠶᠠᠨ ᠬᠤᠯᠪᠣᠵᠤ | ᠰᠠᠶᠢᠲᠤᠷ ᠦᠢᠯᠡᠴᠢᠯᠡᠵᠦ᠂ ᠠᠵᠢᠯ ᠶᠠᠪᠤᠳᠠᠯ ᠢ ᠨᠢ ᠲᠦᠷᠭᠡᠨ ᠪᠥᠭᠡᠳ ᠥᠨᠳᠥᠷ ᠦᠷ᠎ᠡ ᠪᠦᠲᠦᠮᠵᠢ ᠭᠦᠢᠴᠡᠳᠭᠡᠬᠦ︾ | ᠭᠡᠰᠡᠨ ᠥᠰᠥᠭ ᠲᠠᠢ ᠬᠡᠮᠡᠷᠯᠢᠭ ᠲᠤᠭ ᠢ ᠵᠠᠷᠤᠳ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠥᠪ ᠲᠤ ᠬᠦᠷᠭᠡᠵᠦ᠂ ᠲᠥᠪ ᠤᠨ ᠬᠢᠨ ᠤ ᠰᠢᠨ᠎ᠡ ᠪᠠᠷ ᠠᠵᠤ ᠠᠬᠤᠶᠢᠯᠠᠯ ᠡᠷᠬᠢᠯᠡᠬᠦ ᠶᠠᠪᠤᠴᠠ ᠳᠠᠬᠢ ᠵᠢᠯᠣᠭᠤᠳᠤᠯᠭ᠎ᠠ | ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ | | | | 9 ᠰᠠᠷ᠎ᠠ ᠶᠢᠨ 2 ᠤ ᠡᠳᠦᠷ᠂ ᠵᠠᠷᠤᠳ ᠬᠤᠰᠢᠭᠤᠨ ᠤ ᠪᠣᠬᠢᠷᠳᠤᠯ ᠦᠭᠡᠢ ᠡᠨᠧᠷᠭᠢ ᠶᠢᠨ ᠪᠡᠯᠡ | ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠬᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ | ᠬᠦᠷᠴᠦ ᠠᠵᠤ ᠠᠬᠤᠶᠢᠯᠠᠯ ᠤᠨ ᠡᠵᠡᠩᠨᠡᠯᠲᠡ ᠶᠢᠨ ᠦᠨᠡᠮᠯᠡᠯ᠂ ᠲᠦᠯᠦᠪᠦᠷᠢ ᠦᠭᠡᠢ ᠪᠠᠷ ᠠᠯᠪᠠᠨ ᠲᠠᠮᠠᠭ᠎ᠠ ᠰᠡᠶᠢᠯᠬᠦ | ᠵᠡᠷᠭᠡ ᠲᠤᠬᠠᠶᠢᠯᠠᠭᠰᠠᠨ ᠠᠵᠢᠯ ᠡᠷᠭᠢᠯᠡᠬᠦ ᠪᠠᠷ ᠭᠤᠶᠤᠴᠢᠯᠠᠪᠠ᠃ ᠲᠥᠪ ᠤᠨ ᠠᠵᠢᠯᠲᠠᠳ ᠬᠠᠮᠢᠶ᠎ᠠ ᠪᠦᠬᠦᠢ ᠲᠠᠭᠯᠠᠨ | ᠮᠡᠳᠡᠭᠦᠯᠬᠦ ᠭᠡᠷᠡᠴᠢ ᠮᠠᠲ᠋ᠧᠷᠢᠶᠠᠯ ᠢ ᠬᠦᠯᠢᠴᠡᠩᠭᠦᠢ ᠪᠠᠷ ᠵᠢᠯᠤᠭᠤᠳᠴᠤ᠂ ᠲᠤᠬᠠᠶᠢᠯᠠᠭᠰᠠᠨ ᠠᠵᠢᠯ ᠤᠨ ᠭᠠᠷ | ᠭᠦᠢᠴᠡᠳᠭᠡᠯ ᠬᠢᠵᠦ᠂ ᠠᠵᠤ ᠠᠬᠤᠶᠢᠯᠠᠯ ᠡᠷᠭᠢᠯᠡᠬᠦ ᠭᠤᠭᠴᠤᠭ᠎ᠠ᠂ ᠪᠢᠴᠢᠭ ᠮᠠᠲ᠋ᠧᠷᠢᠶᠠᠯ᠂ ᠥᠪᠡᠷ ᠤᠨ ᠥᠷᠲᠡᠭ᠂ | ᠴᠠᠭ ᠤᠨ ᠲᠠᠯ᠎ᠠ ᠪᠠᠷ 2 ᠴᠠᠭ ᠤᠨ ᠳᠣᠲᠣᠷ᠎ᠠ ᠰᠢᠢᠳᠪᠦᠷᠢᠯᠡᠵᠦ ᠳᠠᠭᠤᠰᠬᠠᠪᠠ᠃ ᠠᠵᠤ ᠠᠬᠤᠶᠢᠯᠠᠯ ᠤᠨ | ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ︽ᠨᠢᠭᠡ ᠯᠡ ᠤᠳᠠᠭ᠎ᠠ ᠭᠦᠶᠦᠵᠦ᠂ ᠨᠢᠭᠡ ᠢᠵᠢ ᠪᠢᠴᠢᠭ ᠮᠠᠲ᠋ᠧᠷᠢᠶᠠᠯ | ᠲᠣᠰᠢᠶᠠᠭᠠᠳ ᠳᠠᠷᠤᠢ ᠠᠵᠤ ᠠᠬᠤᠶᠢᠯᠠᠯ ᠡᠷᠭᠢᠯᠡᠬᠦ ᠭᠠᠷ ᠭᠦᠢᠴᠡᠳᠬᠡᠯ ᠬᠢᠵᠦ ᠳᠠᠭᠤᠰᠪᠠ᠂ ᠡᠨᠡ ᠨᠢ ᠳᠥᠭᠦᠮ | ᠳᠥᠲᠡ ᠪᠥᠭᠡᠳ ᠲᠦᠷᠭᠡᠨ ᠪᠠᠶᠢᠵᠤ᠂ ᠴᠠᠭ ᠠᠷᠪᠢᠯᠠᠭᠰᠠᠨ ᠪᠥᠭᠡᠳ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠠᠵᠢᠯ ᠤᠨ ᠦᠷ᠎ᠡ ᠪᠦᠲᠦᠮᠵᠢ ᠶᠢ ︽ᠰᠠᠨᠠᠭᠠᠨ ᠠᠴᠠ ᠭᠠᠳᠠᠭᠤᠷ︾ ᠭᠡᠵᠦ ᠰᠢᠭᠤᠳ ᠳᠠᠭᠤᠳᠠᠪᠠ᠃ | | | ᠠᠵᠤ ᠠᠬᠤᠶᠢᠯᠠᠯ᠂ ᠣᠯᠠᠨ ᠲᠦᠮᠡᠨ ᠤ ᠠᠳᠠᠯ ᠦᠢᠯᠡᠰ ᠪᠣᠰᠬᠠᠬᠤ ᠠᠵᠢᠯ ᠶᠠᠪᠣᠳᠠᠯ ᠭᠦᠢᠴᠡᠳᠭᠡᠬᠦ ᠳᠤ ᠨᠡᠩ | ᠳᠥᠭᠦᠮ ᠦᠵᠡᠭᠦᠯᠬᠦ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠠᠮᠢᠵᠢᠷᠠᠯ ᠤᠨ ᠬᠦᠴᠦᠨ ᠢ ᠬᠦᠭᠵᠢᠭᠡᠬᠦ ᠶᠢᠨ ᠲᠦᠯᠦᠭᠡ᠂ ︽ᠲᠦᠩᠯᠢᠶᠣᠣ ᠬᠤᠲᠠ ᠶᠢᠨ ᠠᠵᠤ | ᠠᠬᠤᠶᠢᠯᠠᠯ ᠤᠨ ᠨᠡᠭᠡᠭᠡᠨ ᠡᠷᠬᠢᠯᠡᠬᠦ ᠢ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠠᠵᠢᠯ ᠤᠨ ᠬᠡᠷᠡᠭᠵᠢᠭᠦᠯᠬᠦ | ᠰᠠᠨᠠᠯ︾ ᠤᠨ ᠮᠡᠳᠡᠭᠳᠡᠯ ᠶᠣᠰᠣᠭᠠᠷ᠂ 7 ᠰᠠᠷ᠎ᠠ ᠠᠴᠠ ᠨᠠᠰᠢ᠂ ᠵᠠᠷᠤᠳ ᠬᠤᠰᠢᠭᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠪ ᠨᠢ ︽ᠶᠠᠪᠤᠴᠠ ᠶᠢ ᠪᠠᠭᠠᠰᠬᠠᠬᠤ᠂ ᠭᠤᠭᠴᠤᠭ᠎ᠠ ᠶᠢ ᠬᠠᠰᠣᠬᠤ᠂ ᠲᠦᠭᠵᠢᠷᠡᠯ ᠢ | ᠨᠡᠪᠲᠡᠷᠡᠭᠦᠯᠬᠦ᠂ ᠦᠢᠯᠡᠴᠢᠯᠡᠭᠡ ᠶᠢ ᠴᠢᠩᠭᠠᠳᠬᠠᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠪᠠᠷ ᠬᠠᠷᠠᠯᠲᠠ | ᠪᠣᠯᠭᠠᠵᠤ᠂ ︽ᠠᠵᠤ ᠠᠬᠤᠶᠢᠯᠠᠯ ᠨᠡᠭᠡᠭᠡᠨ ᠡᠷᠭᠢᠯᠡᠬᠦ︾ ᠶᠡᠷᠦᠩᠬᠡᠶᠢᠯᠡᠭᠰᠡᠨ ᠴᠣᠩᠬᠤᠪᠴᠢ ᠶᠢ ᠲᠣᠬᠢᠷᠠᠭᠤᠯᠬᠤ ᠶᠢᠨ | ᠬᠠᠮᠲᠤ ︽ᠰᠢᠨ᠎ᠡ ᠪᠠᠷ ᠨᠡᠭᠡᠭᠡᠨ ᠡᠷᠭᠢᠯᠡᠬᠦ ᠠᠵᠤ ᠠᠬᠤᠶᠢᠯᠠᠯ ᠳᠤ ᠲᠦᠯᠦᠪᠦᠷᠢ ᠦᠭᠡᠢ ᠪᠠᠷ ᠲᠠᠮᠠᠭ᠎ᠠ ᠰᠡᠶᠢᠯᠬᠦ︾᠂ ︽ | ᠵᠢᠵᠢᠭ ᠪᠢᠴᠢᠯ ᠠᠵᠤ ᠠᠬᠤᠶᠢᠯᠠᠯ ᠨᠡᠭᠡᠭᠡᠨ ᠡᠷᠭᠢᠯᠡᠬᠦ ᠳᠤ ᠨᠢᠭᠡ ᠯᠡ ᠤᠳᠠᠭ᠎ᠠ ᠳᠤ ᠭᠦᠢᠴᠡᠳᠭᠡᠬᠦ︾᠂ ︽ᠠᠵᠤ | ᠠᠬᠤᠶᠢᠯᠠᠯ ᠨᠡᠭᠡᠭᠡᠨ ᠡᠷᠭᠢᠯᠡᠬᠦ ᠳᠤ ᠶᠡᠷᠦᠩᠬᠡᠶᠢᠯᠡᠭᠰᠡᠨ ᠴᠣᠩᠬᠤᠪᠴᠢ ᠨᠢᠭᠡ ᠯᠡ ᠴᠣᠩᠬᠤᠪᠴᠢ ᠪᠠᠷ ᠭᠥᠯᠢᠶᠡᠨ ᠠᠪᠴᠤ | ᠭᠦᠢᠴᠡᠳᠭᠡᠬᠦ︾᠂ ︽ᠪᠡᠯᠡ ᠣᠷᠣᠭᠤᠯᠬᠤ ᠠᠵᠤ ᠠᠬᠤᠶᠢᠯᠠᠯ ᠢ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠬᠡᠬᠦ | ︾ ᠵᠡᠷᠭᠡ ᠳᠥᠷᠪᠡᠨ ᠵᠦᠢᠯ ᠤᠨ ᠠᠷᠭ᠎ᠠ ᠬᠡᠮᠵᠢᠶ᠎ᠡ ᠶᠢ ᠲᠣᠭᠲᠠᠭᠠᠵᠤ᠂ ᠠᠵᠤ ᠠᠬᠤᠶᠢᠯᠠᠯ ᠬᠢᠨ ᠢ ᠦᠨᠡᠨ ᠬᠦ ᠰᠠᠨᠠᠭ᠎ᠠ | ᠠᠮᠤᠷ᠂ ᠤᠴᠢᠷ ᠶᠠᠪᠤᠳᠠᠯ ᠲᠦᠭᠦᠮ ᠳᠦᠳᠡ᠂ ᠴᠠᠭ ᠲᠤ ᠠᠷᠪᠢᠲᠠᠢ ᠠᠷᠠᠳ ᠲᠤ ᠲᠥᠬᠦᠮ ᠦᠵᠡᠭᠦᠯᠬᠦ ᠥᠨᠳᠥᠷ | ᠪᠦᠲᠦᠮᠵᠢᠲᠡᠶ ᠦᠢᠯᠡᠴᠢᠯᠡᠭᠡ ᠬᠠᠩᠭᠠᠪᠠ᠃ | | | | ᠠᠵᠤ ᠠᠬᠤᠶᠢᠯᠠᠯ ᠪᠠᠶᠢᠭᠤᠯᠬᠤ ᠳᠠᠩᠰᠠᠯᠠᠯᠲᠠ᠂ ᠠᠯᠪᠠᠨ ᠲᠠᠮᠠᠭ᠎ᠠ ᠰᠡᠶᠢᠯᠬᠦ᠂ ᠫᠢᠶᠦᠦ ᠪᠠᠷᠢᠮᠲᠠ ᠭᠤᠶᠤᠴᠢᠯᠠᠨ | ᠠᠪᠬᠤ᠂ ᠠᠵᠢᠯᠲᠠᠨ ᠠᠵᠢᠯᠴᠢᠨ ᠢᠶᠠᠨ ᠳᠠᠭᠠᠳᠬᠠᠯ ᠳᠤ ᠣᠷᠣᠭᠤᠯᠬᠤ ᠳᠠᠩᠰᠠᠯᠠᠯᠲᠠ᠂ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠨ ᠬᠠᠳᠠᠭᠠᠯᠠᠭᠤᠯᠬᠤ ᠳᠠᠩᠰᠠᠯᠠᠯᠲᠠ᠂ ᠪᠠᠩᠬᠢ ᠲᠠᠢ | ᠤᠷᠢᠳᠴᠢᠯᠠᠨ ᠪᠣᠯᠵᠣᠵᠤ ᠲᠠᠩᠰᠠ ᠨᠡᠭᠡᠭᠡᠬᠦ ︵ᠠᠵᠤ ᠠᠬᠤᠶᠢᠯᠠᠯ ᠥᠪᠡᠰᠦᠪᠡᠨ ᠰᠣᠩᠭᠤᠬᠤ ᠵᠦᠢᠯᠡᠰ ᠢ ᠬᠠᠮᠲᠤᠷᠠᠨ | ᠭᠦᠢᠴᠡᠳᠬᠡᠵᠦ ᠪᠣᠯᠣᠨ᠎ᠠ︶ ᠵᠡᠷᠭᠡ ᠠᠵᠤ ᠠᠬᠤᠶᠢᠯᠠᠯ ᠡᠷᠭᠢᠯᠡᠬᠦ ᠵᠠᠩᠭᠢᠯᠠᠭ᠎ᠠ ᠶᠢᠨ ᠦᠢᠯᠡᠴᠢᠯᠡᠭᠡᠨ ᠤ ᠵᠦᠢᠯᠡᠰ ᠲᠤ᠂ | ᠭᠤᠶᠤᠴᠢᠯᠠᠭᠴᠢ ᠵᠥᠪᠬᠡᠨ ᠨᠢᠭᠡ ᠯᠡ ᠬᠦᠰᠦᠨᠦᠭᠲᠦ ᠪᠠᠷ ᠲᠠᠭᠯᠠᠨ ᠮᠡᠳᠡᠭᠦᠯᠵᠦ᠂ ᠨᠢᠭᠡ ᠯᠡ ᠴᠣᠩᠬᠤᠪᠴᠢ ᠳᠤ | ᠭᠤᠶᠤᠴᠢᠯᠠᠵᠤ᠂ ᠨᠢᠭᠡ ᠯᠡ ᠤᠳᠠᠭ᠎ᠠ ᠳᠤ ᠬᠦᠯᠢᠶᠡᠨ ᠠᠪᠤᠪᠠᠯ ᠳᠠᠷᠤᠢ ᠠᠵᠤ ᠠᠬᠤᠶᠢᠯᠠᠯ ᠡᠷᠭᠢᠯᠡᠬᠦ ︽ᠨᠢᠭᠡ ᠶᠠᠪᠤᠳᠠᠯ | ︾ ᠢᠶᠠᠨ ᠭᠦᠢᠴᠡᠳᠭᠡᠴᠢᠭᠡᠨᠡ᠃ ᠡᠭᠦᠨ ᠤ ᠵᠡᠷᠭᠡ ᠳᠤ᠂ ᠠᠵᠤ ᠠᠬᠤᠶᠢᠯᠠᠯ ᠤᠨ ᠭᠤᠶᠤᠴᠢᠯᠠᠯ ᠢ ᠦᠨᠳᠦᠰᠦᠯᠡᠨ᠂ | ᠠᠵᠤ ᠠᠬᠤᠶᠢᠯᠠᠯ ᠡᠷᠭᠢᠯᠡᠬᠦ ᠭᠤᠭᠴᠤᠭ᠎ᠠ ᠳᠠᠬᠢ ᠭᠦᠢᠴᠡᠳᠬᠡᠬᠦ ᠴᠢᠬᠤᠯᠠᠲᠠᠢ ᠪᠣᠶ ᠪᠦᠬᠦᠢ ᠬᠢᠨᠠᠨ ᠵᠥᠪᠰᠢᠶᠡᠷᠡᠬᠦ ᠪᠠ | ᠦᠢᠯᠡᠴᠢᠯᠡᠬᠦ ᠵᠦᠢᠯᠡᠰ ᠢ ᠤᠯᠠᠮ ᠨᠢᠭᠡ ᠠᠯᠬᠤᠮ ᠪᠠᠭᠠᠰᠬᠠᠵᠤ᠂ ᠠᠵᠤ ᠠᠬᠤᠶᠢᠯᠠᠯ ᠡᠬᠢᠯᠡᠨ ᠭᠦᠢᠴᠡᠳᠬᠡᠬᠦ ᠪᠠ | ᠭᠦᠢᠴᠡᠳᠭᠡᠵᠦ ᠳᠠᠭᠤᠰᠬᠠᠬᠤ ᠴᠠᠭ ᠬᠤᠭᠤᠴᠠᠭ᠎ᠠ ᠶᠢ 0.5 ᠠᠵᠢᠯᠯᠠᠬᠤ ᠡᠳᠦᠷ ᠪᠠᠭᠠᠰᠬᠠᠬᠤ ᠶᠢ ᠪᠡᠶᠡᠯᠡᠭᠦᠯᠵᠦ᠂ | ᠠᠵᠤ ᠠᠬᠤᠶᠢᠯᠠᠯ ᠡᠷᠭᠢᠯᠡᠬᠦ ᠳᠤ ︽ ᠵᠤᠭᠤᠰ ᠬᠡᠷᠡᠭᠰᠡᠬᠦ ᠦᠭᠡᠢ︾᠂ ︽ᠲᠦᠷᠭᠡᠨ ᠬᠤᠷᠳᠤᠴᠠ︾᠂ ︽ᠥᠨᠳᠥᠷ | ᠦᠷ᠎ᠡ ᠪᠦᠲᠦᠮᠵᠢ ᠲᠠᠢ︾ ᠪᠠᠶᠢᠬᠤ ᠶᠢ ᠦᠨᠡᠨ ᠬᠦ ᠪᠡᠶᠡᠯᠡᠭᠦᠯᠪᠡ᠃ | | | |