| | ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠬᠤᠭᠤᠴᠠᠭᠠᠨ ᠤ ᠶᠧᠪᠡᠩ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢ | ᠵᠢᠷᠣᠮᠵᠢᠭᠤᠯᠵᠤ᠂ ᠭᠠᠭᠴᠠ ᠬᠡᠷᠡᠭᠴᠡᠭᠡᠨ ᠤ ᠤᠷᠢᠳᠴᠢᠯᠠᠨ ᠵᠣᠭᠤᠰ ᠲᠤᠰᠢᠶᠠᠬᠤ ᠺᠠᠷᠲ ᠤᠨ ᠬᠠᠮᠢᠶᠠᠷᠤᠯᠲᠠ ᠪᠠ | ᠬᠢᠨᠠᠯᠲᠠ ᠪᠠᠨ ᠴᠢᠩᠭᠠᠳᠬᠠᠵᠤ᠂ ︽ᠲᠡᠭᠷᠢ ᠶᠢᠨ ᠦᠨᠡᠲᠦ︾ ᠶᠧᠪᠠᠩ᠂ ᠨᠠᠢᠮᠠᠯᠵᠢ ᠬᠤᠳᠠᠯᠳᠣᠨ ᠠᠪᠬᠤ ᠺᠠᠷᠲ | ᠨᠠᠢᠮᠠᠯᠵᠢ ᠬᠤᠳᠠᠯᠳᠣᠨ ᠠᠪᠬᠤ ᠲᠡᠮᠳᠡᠭ ᠵᠡᠷᠭᠡ ᠪᠠᠶᠠᠷ ᠤᠨ ᠡᠳᠦᠷ ᠤᠨ ᠪᠡᠯᠡᠭ ᠤᠨ ᠠᠷᠣ ᠳᠠᠬᠢ ᠢᠯᠵᠠᠷᠠᠯ ᠪᠠ | ᠰᠤᠷᠲᠠᠯ ᠤᠨ ᠠᠰᠠᠭᠤᠳᠠᠯ ᠢ ᠣᠷᠢᠳᠴᠢᠯᠠᠨ ᠰᠡᠷᠭᠡᠶᠢᠯᠡᠬᠦ ᠶᠢᠨ ᠲᠦᠯᠦᠭᠡ᠂ ᠣᠶᠢᠷ᠎ᠠ ᠳᠤ᠂ ᠵᠠᠷᠤᠳ ᠬᠤᠰᠢᠭᠤᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠬᠢᠨ ᠬᠤᠰᠢᠭᠤᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠪᠠ ᠮᠥᠩᠭᠦᠨ | ᠭᠦᠢᠯᠭᠡᠭᠡᠨ ᠤ ᠦᠢᠯᠡᠴᠢᠯᠡᠭᠡᠨ ᠤ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠢᠨ ᠲᠠᠢ | ᠬᠠᠮᠲᠤᠷᠠᠨ ᠬᠤᠰᠢᠭᠤᠨ ᠤ ᠳᠣᠲᠣᠷᠠᠬᠢ ᠵᠠᠷᠢᠮ ᠬᠡᠲᠦ ᠳᠡᠯᠭᠡᠭᠦᠷ ᠲᠤ ᠬᠦᠷᠴᠦ ︽ᠲᠡᠭᠷᠢ ᠶᠢᠨ ᠦᠨᠡᠲᠦ︾ ᠶᠧᠪᠡᠩ᠂ | ᠨᠠᠢᠮᠠᠯᠵᠢ ᠬᠤᠳᠠᠯᠳᠣᠨ ᠠᠪᠬᠤ ᠺᠠᠷᠲ ᠨᠠᠢᠮᠠᠯᠵᠢ ᠬᠤᠳᠠᠯᠳᠣᠨ ᠠᠪᠬᠤ ᠲᠡᠮᠳᠡᠭ᠂ ᠭᠡᠭᠡᠨᠴᠢᠷ ᠪᠣᠭᠤᠳᠠᠯᠯᠠᠭᠰᠠᠨ ᠪᠠᠷᠠᠭ᠎ᠠ | ᠵᠡᠷᠭᠡ ᠪᠠᠶᠢᠳᠠᠯ ᠳᠤ ᠪᠠᠶᠢᠴᠠᠭᠠᠯᠲᠠ ᠬᠢᠪᠡ᠃ | | | ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠰᠢᠨ ᠲᠢᠶᠠᠨ ᠳ᠋ᠢ ᠬᠡᠳᠦ ᠳᠡᠯᠭᠡᠭᠦᠷ᠂ ᠴᠢᠶᠠᠨ ᠱᠦᠨ | ᠹᠦ᠋ ᠮᠠᠨ ᠵᠢᠶᠠ᠂ ᠶᠢᠨ ᠯᠢᠶᠠᠨ ᠬᠡᠳᠦ ᠳᠡᠯᠭᠡᠭᠦᠷ ᠵᠡᠷᠭᠡ ᠭᠠᠵᠠᠷ ᠲᠤ ᠬᠦᠷᠴᠦ᠂ ᠶᠧᠪᠡᠩ ᠤᠨ ᠦᠨ᠎ᠡ 500 | ᠲᠥᠭᠦᠷᠢᠭ ᠠᠴᠠ ᠬᠡᠲᠦᠷᠡᠭᠰᠡᠨ ᠡᠰᠡᠬᠦ᠂ ︽ᠵᠢᠭᠠᠰᠤᠨ ᠤ ᠰᠡᠷᠪᠡᠭᠡ︾ ︽ᠴᠠᠭᠠᠨ ᠡᠭᠦᠷ︾ ᠵᠡᠷᠭᠡ ᠭᠡᠭᠡᠨᠴᠢᠷ | ᠡᠳ᠋ᠯᠡᠯ ᠤᠨ ᠮᠠᠲ᠋ᠧᠷᠢᠶᠠᠯ ᠣᠷᠣᠭᠤᠯᠤᠭᠰᠠᠨ ᠡᠰᠡᠬᠦ᠂ ᠳᠡᠭᠡᠳᠦ ᠲᠠᠰ ᠤᠨ ᠪᠡᠯᠡᠭ ᠤᠨ ᠬᠠᠶᠢᠷᠴᠠᠭ ᠢ ᠬᠡᠷᠡᠭᠯᠡᠭᠰᠡᠨ ᠡᠰᠡᠬᠦ | ᠵᠢᠴᠢ ᠪᠠᠷᠠᠭ᠎ᠠ ᠬᠤᠳᠠᠯᠳᠤᠨ ᠠᠪᠬᠤ ᠺᠠᠷᠲ ᠵᠡᠷᠭᠡ ᠭᠠᠭᠴᠠ ᠬᠡᠷᠡᠭᠴᠡᠭᠡᠨ ᠤ ᠤᠷᠢᠳᠴᠢᠯᠠᠨ ᠵᠣᠭᠤᠰ ᠥᠭᠬᠦ | ᠺᠠᠷᠲ ᠤᠨ ᠲᠠᠷᠬᠠᠭᠠᠭᠰᠠᠨ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠷ ᠬᠢᠨᠠᠨ ᠪᠠᠶᠢᠴᠠᠭᠠᠬᠤ ᠶᠢᠨ ᠬᠠᠮᠲᠤ᠂ ᠪᠠᠷᠠᠭ᠎ᠠ | ᠬᠠᠩᠭᠠᠬᠤ ᠬᠤᠳᠠᠯᠳᠤᠭᠠᠴᠢᠨ ᠤ ᠬᠢᠷᠢ ᠬᠡᠮ᠂ ᠪᠠᠷᠠᠭ᠎ᠠ ᠣᠷᠣᠭᠤᠯᠤᠭᠰᠠᠨ ᠲᠡᠮᠳᠡᠭᠯᠡᠯ᠂ ᠤᠷᠢᠳᠴᠢᠯᠠᠨ ᠵᠣᠭᠤᠰ ᠥᠭᠬᠦ | ᠺᠠᠷᠲ ᠶᠢᠨ ᠲᠠᠷᠬᠠᠭᠠᠭᠰᠠᠨ ᠲᠡᠮᠳᠡᠭᠯᠡᠯ ᠵᠡᠷᠭᠡ ᠠᠭᠤᠯᠭ᠎ᠠ ᠳᠤ ᠪᠠᠶᠢᠴᠠᠭᠠᠯᠲᠠ ᠬᠢᠪᠡ᠃ | | | ᠪᠠᠶᠢᠴᠠᠭᠠᠬᠤ ᠳᠤᠭᠤᠶᠢᠯᠠᠩ ᠬᠢᠨ ᠠᠴᠠ ᠱᠠᠭᠠᠷᠳᠠᠭᠰᠠᠨ ᠨᠢ᠂ ᠬᠤᠯᠪᠣᠭᠳᠠᠯ ᠪᠦᠬᠦᠢ ᠠᠵᠤ ᠠᠬᠤᠶᠢᠯᠠᠯ ᠬᠢᠨ | ᠬᠠᠤᠯᠢ ᠶᠢ ᠵᠢᠷᠤᠮᠯᠠᠨ ᠡᠵᠡᠩᠨᠡᠵᠦ᠂ ᠵᠦᠢ ᠵᠣᠬᠢᠰᠲᠠᠢ ᠪᠠᠷ ᠦᠨ᠎ᠡ ᠲᠣᠭᠲᠠᠭᠠᠵᠤ᠂ ᠬᠤᠯᠪᠣᠭᠳᠠᠯ ᠪᠦᠬᠦᠢ ᠬᠠᠤᠯᠢ | ᠲᠣᠭᠲᠠᠭᠠᠯ ᠪᠠ ᠤᠯᠤᠰ ᠤᠨ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠶᠧᠪᠡᠩ ᠤᠨ ᠦᠨ᠎ᠡ ᠬᠠᠩᠰᠢ ᠶᠢ ᠵᠦᠢ ᠵᠣᠬᠢᠰᠲᠠᠢ | ᠣᠷᠣᠨ ᠵᠠᠢ ᠳᠤ ᠪᠠᠶᠢᠯᠠᠭᠠᠬᠤ ᠶᠢ ᠬᠥᠲᠥᠯᠥᠨ ᠵᠢᠯᠤᠭᠤᠳᠴᠤ᠂ ︽ᠲᠡᠭᠷᠢ ᠶᠢᠨ ᠦᠨᠡᠲᠦ︾ ᠶᠧᠪᠡᠩ ᠭᠠᠷᠬᠤ ᠶᠢ ᠡᠷᠡᠰ | ᠬᠤᠷᠢᠭᠯᠠᠨ᠂ ᠵᠦᠢ ᠵᠣᠬᠢᠰᠲᠠᠢ ᠠᠰᠢᠭ ᠬᠤᠨᠵᠢᠪᠤᠷᠢ ᠶᠢᠨ ᠣᠷᠣᠨ ᠵᠠᠢ ᠶᠢᠨ ᠳᠣᠲᠣᠷ᠎ᠠ ᠪᠣᠷᠣᠯᠠᠭᠤᠯᠤᠯᠲᠠ ᠶᠢᠨ | ᠦᠨ᠎ᠡ ᠬᠠᠩᠰᠢ ᠪᠠᠨ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠪᠠᠶᠠᠷ ᠤᠨ ᠡᠳᠦᠷ ᠠᠴᠠ ᠡᠮᠦᠨ᠎ᠡ ᠦᠨ᠎ᠡ | ᠬᠠᠩᠰᠢ ᠶᠢ ᠱᠠᠯᠠᠪᠳᠠᠨ ᠥᠰᠬᠡᠬᠦ᠂ ᠵᠠᠬ᠎ᠠ ᠳᠡᠯᠭᠡᠭᠦᠷ ᠤᠨ ᠡᠮᠬᠢ ᠵᠢᠷᠤᠮ ᠢ ᠡᠪᠳᠡᠬᠦ ᠦᠶᠯᠡ ᠠᠵᠢᠯᠯᠠᠭ᠎ᠠ ᠶᠢ ᠡᠷᠡᠰ | ᠬᠤᠷᠢᠭᠯᠠᠬᠤ ᠬᠡᠷᠡᠭᠲᠡᠢ᠃ ᠠᠵᠢᠯ ᠲᠥᠷᠥᠯ ᠤᠨ ᠵᠢᠮ᠎ᠡ ᠶᠣᠰᠣ ᠶᠢ ᠵᠢᠷᠤᠮᠯᠠᠨ᠂ ᠶᠧᠪᠡᠩ ᠬᠢᠬᠦ ᠳᠡᠭᠡᠨ ︽ᠵᠢᠭᠠᠰᠤᠨ ᠤ | ᠰᠡᠷᠪᠡᠭᠡ︾ ᠵᠡᠷᠭᠡ ᠬᠠᠮᠠᠭᠠᠯᠠᠯᠲᠠ ᠶᠢᠨ ᠬᠡᠭᠡᠷ᠎ᠡ ᠶᠢᠨ ᠠᠮᠢᠲᠠᠨ ᠢᠶᠠᠷ ᠢᠳᠡᠭᠡᠨ ᠤ ᠮᠠᠲ᠋ᠧᠷᠢᠶᠠᠯ ᠪᠣᠯᠭᠠᠨ ᠬᠡᠷᠡᠭᠯᠡᠬᠦ ᠶᠢ | ᠴᠠᠭᠠᠵᠠᠯᠠᠵᠤ᠂ ︽ᠴᠠᠭᠠᠨ ᠡᠭᠦᠷ︾ ᠵᠡᠷᠭᠡ ᠬᠤᠪᠣᠷ ᠴᠤᠬᠠᠭ ᠢᠳᠡᠭᠡᠨ ᠤ ᠮᠠᠲ᠋ᠧᠷᠢᠶᠠᠯ ᠢ ᠬᠡᠷᠡᠭᠯᠡᠬᠦ ᠦᠭᠡᠢ᠂ ᠲᠥᠬᠦᠮ | ᠠᠪᠰᠠᠷᠬᠠᠨ᠂ ᠪᠣᠬᠢᠷᠳᠤᠯ ᠦᠭᠡᠢ ᠪᠣᠭᠤᠳᠠᠯ ᠬᠡᠷᠡᠭᠯᠡᠵᠦ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠤᠬᠠᠮᠰᠠᠷ | ᠠᠴᠠ ᠪᠠᠨ ᠬᠠᠮᠠᠭᠠᠯᠠᠬᠤ ᠬᠡᠷᠡᠭᠲᠡᠢ᠃ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠬᠢᠨ | ᠨᠠᠮ ᠤᠨ ᠭᠡᠰᠢᠭᠦᠨ ᠺᠠᠳ᠋ᠷᠴᠤᠳ ᠤᠨ ᠬᠥᠮᠦᠵᠢᠯ ᠬᠠᠮᠢᠶᠠᠷᠤᠯᠲᠠ ᠪᠠᠨ ᠴᠢᠩᠭᠠᠳᠬᠠᠵᠤ᠂ ᠡᠳ᠋ ᠤᠨ ᠵᠠᠰᠠᠭ ᠠᠵᠤ | ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠠᠯᠪᠠᠨ ᠤ ᠵᠣᠭᠤᠰ ᠢᠶᠠᠷ ᠬᠡᠷᠡᠭᠯᠡᠭᠡ ᠬᠢᠬᠦ᠂ ᠲᠣᠭᠲᠠᠭᠠᠯ ᠠᠴᠠ | ᠵᠥᠷᠢᠴᠡᠨ ᠪᠡᠯᠡᠭ ᠰᠡᠯᠲᠡ ᠵᠣᠭᠤᠰ ᠮᠦᠩᠬᠦ ᠬᠤᠷᠢᠶᠠᠵᠤ ᠬᠦᠷᠭᠡᠬᠦ ᠵᠡᠷᠭᠡ ᠠᠰᠠᠭᠤᠳᠠᠯ ᠭᠠᠷᠬᠤ ᠶᠢ ᠡᠷᠡᠰ | ᠰᠡᠷᠭᠡᠶᠢᠯᠡᠬᠦ ᠬᠡᠷᠡᠭᠲᠡᠢ᠃ ᠪᠥᠬᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠱᠠᠯᠢᠨ ᠪᠦᠷᠢᠯᠭᠡᠬᠦ᠂ ᠵᠢᠷᠭᠠᠨ | ᠴᠡᠩᠭᠡᠬᠦ ᠳᠠᠩᠰᠣᠭᠯᠠᠨ ᠪᠦᠷᠢᠯᠭᠡᠬᠦ ᠰᠤᠷᠲᠠᠯ ᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠰᠢᠯᠢᠳᠡᠭ ᠰᠠᠶᠢᠨ | ᠰᠤᠷᠲᠠᠯ ᠢᠶᠠᠷ ᠠᠷᠠᠳ ᠤᠨ ᠰᠤᠷᠲᠠᠯ ᠨᠡᠶᠢᠭᠡᠮ ᠤᠨ ᠰᠤᠷᠲᠠᠯ ᠤᠨ ᠦᠷᠭᠦᠯᠵᠢᠯᠡᠨ ᠰᠠᠶᠢᠵᠢᠷᠠᠬᠤ ᠶᠢ ᠳᠠᠶᠢᠴᠢᠯᠠᠬᠤ | ᠬᠡᠷᠡᠭᠲᠡᠢ᠃ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠬᠢᠨᠠᠯᠲᠠ | ᠲᠠᠯᠪᠢᠬᠤ ᠰᠠᠬᠢᠯᠭ᠎ᠠ ᠪᠠᠲᠤ ᠶᠢ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢᠶᠠᠨ ᠤᠯᠠᠮ ᠨᠢᠭᠡ ᠠᠯᠬᠤᠮ | ᠴᠢᠩᠭᠠᠷᠠᠭᠤᠯᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠺᠠᠳ᠋ᠷᠴᠤᠳ ᠤᠨ | ᠲᠣᠭᠲᠠᠭᠠᠯ ᠠᠴᠠ ᠵᠥᠷᠢᠴᠡᠨ ᠶᠧᠪᠡᠩ᠂ ᠨᠠᠢᠮᠠᠯᠵᠢ ᠬᠤᠳᠠᠯᠳᠣᠨ ᠠᠪᠬᠤ ᠺᠠᠷᠲ ᠨᠠᠢᠮᠠᠯᠵᠢ ᠬᠤᠳᠠᠯᠳᠣᠨ ᠠᠪᠬᠤ | ᠲᠡᠮᠳᠡᠭ᠂ ᠪᠠᠷᠠᠭ᠎ᠠ ᠬᠤᠳᠠᠯᠳᠤᠨ ᠠᠪᠬᠤ ᠺᠠᠷᠲ ᠵᠡᠷᠭᠡ ᠪᠠᠶᠠᠷ ᠤᠨ ᠡᠳᠦᠷ ᠤᠨ ᠪᠡᠯᠡᠭ ᠤᠨ ᠠᠷᠤ ᠳᠠᠬᠢ ᠢᠯᠵᠠᠷᠠᠯ ᠪᠠ | ᠰᠤᠷᠲᠠᠯ ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠥᠴᠥᠬᠡᠨ ᠴᠦ ᠢᠯᠳᠠᠷ ᠬᠠᠶᠠᠬᠤ ᠦᠭᠡᠢ | ᠭᠡᠪᠡ᠃ | | | |