9 ᠰᠠᠷ᠎ᠠ ᠶᠢᠨ 5 ᠤ ᠡᠳᠦᠷ᠂ ᠵᠠᠷᠤᠳ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠭᠤᠣᠯᠳᠠᠯᠭ᠎ᠠ ᠲᠠᠢ | ᠠᠵᠢᠯ ᠢ ᠲᠣᠭᠤᠷᠢᠨ ᠦᠵᠡᠬᠦ ᠰᠤᠷᠭᠠᠭᠤᠯᠢᠯᠠᠯ ᠬᠦᠰᠢᠭᠡ ᠪᠠᠨ ᠰᠡᠭᠦᠵᠦ᠂ ᠬᠤᠰᠢᠭᠤ ᠨᠠᠮ ᠤᠨ ᠬᠤᠷᠢᠶᠠᠨ ᠤ ᠱᠦᠵᠢ | ᠱᠣᠸ ᠶᠠᠨ ᠵᠢᠶᠦ᠋ᠨ ᠤ ᠳᠠᠭᠠᠭᠤᠯᠤᠭᠰᠠᠨ ᠲᠣᠭᠤᠷᠢᠨ ᠦᠵᠡᠬᠦ ᠰᠤᠷᠭᠠᠭᠤᠯᠢᠯᠠᠯ ᠤᠨ ᠪᠦᠯᠬᠦᠮ ᠤᠨ ᠬᠢᠨ ᠤᠷᠢᠳ | ᠬᠤᠵᠢᠳ ᠦᠷᠭᠡᠨᠳᠠᠯᠠ ᠲᠠᠷᠢᠶᠠᠯᠠᠩ ᠤᠨ ᠲᠠᠯᠠᠪᠠᠶ᠂ ᠪᠠᠶᠠᠷᠲᠤᠬᠤᠰᠢᠭᠤ ᠪᠠᠯᠭᠠᠰᠤ᠂ ᠤᠯᠠᠭᠠᠨᠬᠠᠳᠠ ᠰᠤᠮᠤ᠂ ᠠᠷᠤ | ᠬᠥᠨᠳᠡᠯᠡᠨ ᠪᠠᠯᠭᠠᠰᠤᠨ ᠳᠤ ᠬᠦᠷᠴᠦ᠂ ᠠᠮᠵᠢᠯᠲᠠ ᠲᠠᠢ ᠲᠤᠷᠰᠢᠯᠭ᠎ᠠ ᠶᠢ ᠰᠣᠨᠣᠰᠴᠤ᠂ ᠬᠥᠭᠵᠢᠯᠲᠡ ᠬᠤᠪᠢᠷᠠᠯᠲᠠ ᠶᠢ | ᠦᠵᠡᠵᠦ᠂ ᠲᠡᠷᠢᠭᠦᠨ ᠤ ᠠᠷᠭ᠎ᠠ ᠬᠢᠳᠡᠯ ᠢ ᠰᠤᠷᠤᠯᠴᠠᠵᠤ᠂ ᠣᠯᠣᠯᠲᠠ ᠲᠥᠷᠥᠭᠳᠡᠯ ᠢᠶᠠᠨ ᠶᠠᠷᠢᠯᠴᠠᠪᠠ᠃ | | | | | ᠡᠯ᠎ᠡ ᠭᠠᠴᠠᠭ᠎ᠠ ᠲᠣᠰᠬᠤᠨ ᠤ ᠠᠬᠤᠢ ᠲᠠᠯᠠᠪᠠᠢ ᠳᠤ᠂ ᠭᠠᠵᠠᠷ ᠪᠣᠯᠭᠠᠨ ᠳᠤ ᠬᠦᠷ ᠬᠥᠭᠵᠢᠶᠡᠨ ᠲᠠᠢ ᠪᠠᠶᠢᠳᠠᠯ | ᠢᠯᠡᠷᠡᠵᠦ᠂ ᠤᠯᠠᠨ ᠢᠶᠠᠷ ᠢᠶᠠᠨ ᠥᠪᠡᠷ ᠥᠪᠡᠷ ᠤᠨ︽ᠭᠠᠷᠮᠠᠭᠠᠢ ᠨᠣᠭᠤᠭ᠎ᠠ︾ ᠪᠠᠨ ᠭᠠᠷᠭᠠᠵᠤ᠂ ᠶᠡᠷᠦ ᠪᠤᠰᠤ ᠶᠢᠨ | ᠬᠢᠷᠢ ᠪᠦᠲᠦᠮᠵᠢ ᠶᠢᠨ ᠬᠠᠭᠤᠳᠠᠰᠤ ᠪᠠᠨ ︽ᠲᠡᠯᠭᠡᠵᠦ︾ ᠪᠠᠶᠢᠯ᠎ᠠ᠃ ᠰᠤᠷᠭᠠᠭᠤᠯᠢᠯᠠᠯ ᠤᠨ ᠪᠦᠯᠬᠦᠮ ᠬᠢᠨ ᠶᠠᠪᠤᠬᠤ | ᠶᠢᠨ ᠲᠠᠭᠠᠤ᠂ ᠠᠵᠢᠭᠯᠠᠵᠤ᠂ ᠶᠠᠷᠢᠯᠴᠠᠵᠤ᠂ 4 ᠰᠤᠮᠤ ᠪᠠᠯᠭᠠᠰᠤ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ | ᠴᠡᠭᠴᠡᠯᠡᠨ ᠵᠠᠰᠠᠬᠤ᠂ ᠮᠠᠯᠵᠢᠬᠤ ᠲᠠᠷᠢᠶᠠᠯᠠᠬᠤ ᠣᠷᠣᠨ ᠤ ᠭᠤᠣᠯᠳᠠᠯᠭ᠎ᠠ ᠲᠠᠢ ᠠᠵᠢᠯ᠂ ᠠᠵᠤ ᠦᠢᠯᠡᠰ ᠤᠨ | ᠬᠥᠭᠵᠢᠯᠲᠡ᠂ ᠬᠥᠳᠡᠭᠡ ᠲᠣᠰᠬᠤᠨ ᠤ ᠵᠤᠭᠠᠴᠠᠯ ᠤᠨ ᠦᠢᠯᠡᠰ ᠤᠨ ᠬᠥᠭᠵᠢᠯᠲᠡ᠂ ᠠᠮᠢ ᠠᠬᠤᠢ ᠶᠢ ᠰᠡᠷᠭᠦᠭᠡᠨ | ᠵᠠᠰᠠᠬᠤ ᠵᠡᠷᠭᠡ ᠭᠤᠣᠯᠳᠠᠯᠭ᠎ᠠ ᠲᠠᠢ ᠠᠵᠢᠯ ᠤᠨ ᠦᠷ᠎ᠡ ᠪᠦᠲᠦᠭᠡᠯ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ | ᠂ ᠲᠣᠭᠤᠷᠢᠨ ᠦᠵᠡᠬᠦ ᠰᠤᠷᠭᠠᠭᠤᠯᠢᠯᠠᠯ ᠤᠨ ᠳᠤᠮᠳᠠ ᠠᠴᠠ ᠡᠯ᠎ᠡ ᠰᠤᠮᠤ ᠪᠠᠯᠭᠠᠰᠤ ᠲᠠᠯᠠᠪᠠᠢ ᠶᠢᠨ ᠠᠳᠠᠯᠢᠳᠬᠠᠬᠤ | ᠰᠤᠷᠤᠯᠴᠠᠬᠤ ᠭᠦᠢᠴᠡᠬᠦ ᠲᠠᠪᠠᠭ᠋ᠤ᠂ ᠴᠢᠷᠮᠠᠶᠢᠨ ᠤᠷᠤᠭᠰᠢᠯᠠᠬᠤ ᠣᠷᠭᠢᠯᠤᠮ᠎ᠠ ᠰᠡᠳᠬᠢᠯᠭᠡ ᠪᠠ ᠠᠮᠢᠵᠢᠷᠠᠯ ᠤᠨ | ᠬᠦᠴᠦᠨ ᠢ ᠣᠶᠢᠯᠠᠭᠠᠪᠠ᠃ | | | | | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠣᠷᠣᠰᠢᠨ | ᠰᠠᠭᠤᠬᠤ ᠠᠮᠢ ᠠᠬᠤᠢ ᠮᠠᠰᠢ ᠴᠢᠬᠤᠯᠠ᠃ ᠦᠷᠭᠡᠨᠲᠠᠯ᠎ᠠ ᠲᠠᠷᠢᠶᠠᠯᠠᠩ ᠤᠨ ᠲᠠᠯᠠᠪᠠᠢ ᠶᠢᠨ ᠳᠥᠷᠪᠡᠳᠦᠭᠡᠷ ᠬᠤᠪᠢᠶᠠᠷᠢ | ᠲᠠᠯᠠᠪᠠᠢ ᠳᠤ ᠬᠦᠷᠬᠦ ᠳᠤ᠂ ᠵᠠᠮ ᠨᠢ ᠴᠡᠪᠡᠷ ᠴᠡᠮᠴᠡᠭᠡᠷ᠂ ᠭᠡᠷ ᠪᠠᠶᠢᠰᠢᠩ ᠤᠨ ᠠᠷᠤ ᠥᠪᠥᠷ ᠢᠶᠠᠷ ᠢᠶᠠᠨ ᠲᠡᠷᠢ ᠲᠡᠭᠰᠢ | ᠪᠠᠶᠢᠵᠤ᠂ ᠲᠣᠭᠤᠷᠢᠨ ᠦᠵᠡᠬᠦ ᠰᠤᠷᠭᠠᠭᠤᠯᠢᠯᠠᠯ ᠤᠨ ᠪᠦᠯᠬᠦᠮ ᠤᠨ ᠬᠢᠨ ᠤ ᠰᠠᠶᠢᠨ ᠦᠨᠡᠯᠡᠯᠲᠡ ᠶᠢ ᠤᠯᠪᠠ᠃ | ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠠᠯ᠎ᠠ ᠪᠠᠷ᠂ ᠳᠥᠷᠪᠡᠳᠦᠭᠡᠷ | ᠬᠤᠪᠢᠶᠠᠷᠢ ᠲᠠᠯᠠᠪᠠᠢ ᠬᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠤᠷᠳᠤ ᠬᠤᠭᠤᠴᠠᠭᠠᠨ ᠤ ᠪᠦᠲᠦᠮᠵᠢᠲᠡᠢ | ᠵᠠᠰᠠᠬᠤ ᠲᠣᠭᠲᠠᠴᠠ ᠶᠢ ᠪᠠᠶᠢᠭᠤᠯᠵᠤ᠂ ᠵᠠᠰᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠦᠵᠡᠰᠬᠦᠯᠡᠩᠲᠦ ᠰᠠᠶᠢᠬᠠᠨ | ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠲᠠᠰᠤᠷᠠᠯᠳᠡ ᠦᠭᠡᠢ ᠠᠬᠢᠭᠤᠯᠵᠤ᠂ ᠠᠵᠢᠯᠲᠠᠨ ᠠᠵᠢᠯᠴᠢᠨ | ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ︽ᠡᠭᠦᠳᠡᠨ ᠡᠮᠤᠨᠡᠬᠢ ᠭᠤᠷᠪᠠ ᠶᠢ ᠳᠠᠭᠠᠭᠠᠴᠢᠯᠠᠭᠤᠯᠬᠤ︾ | ᠳᠦᠷᠢᠮ ᠢ ᠨᠠᠶᠢᠳᠠᠪᠤᠷᠢᠵᠢᠭᠤᠯᠵᠤ᠂ ᠤᠬᠠᠮᠰᠠᠷ ᠠᠴᠠ ᠪᠠᠨ ᠬᠥᠳᠡᠯᠦᠯᠴᠡᠵᠦ᠂ ᠭᠡᠷ ᠪᠠᠶᠢᠰᠢᠩ ᠤᠨ ᠠᠷᠤ ᠦᠪᠤᠷ ᠢ | ᠴᠤ ᠪᠦᠷ ᠨᠤᠭᠤᠭᠠᠷᠠᠭᠤᠯᠪᠠ᠃ | | | | | ᠦᠷᠭᠡᠨᠲᠠᠯ᠎ᠠ ᠲᠠᠷᠢᠶᠠᠯᠠᠩ ᠤᠨ ᠲᠠᠯᠠᠪᠠᠢ ᠶᠢᠨ ᠳᠥᠷᠪᠡᠳᠦᠭᠡᠷ ᠬᠤᠪᠢᠶᠠᠷᠢ ᠲᠠᠯᠠᠪᠠᠢ ᠶᠢᠨ ᠨᠠᠮ ᠤᠨ ᠡᠭᠦᠷ ᠤᠨ | ᠱᠦᠵᠢ ᠵᠤᠤ ᠴᠢᠤᠸᠠᠨ ᠠᠴᠠ᠄ ︽ᠣᠶᠢᠷ᠎ᠠ ᠶᠢᠨ ᠬᠡᠳᠦᠨ ᠵᠢᠯ ᠳᠤ᠂ ᠠᠶᠢᠯ ᠲᠣᠰᠬᠤᠨ ᠤ ᠪᠦᠲᠦᠭᠡᠨ | ᠪᠠᠶᠢᠭᠤᠯᠤᠯᠲᠠ ᠶᠢᠨ ᠲᠠᠯ᠎ᠠ ᠪᠠᠷ᠂ ᠳᠥᠷᠪᠡᠳᠦᠭᠡᠷ ᠬᠤᠪᠢᠶᠠᠷᠢ ᠲᠠᠯᠠᠪᠠᠢ ᠨᠢ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠤ ᠪᠦᠲᠦᠭᠡᠨ ᠪᠠᠶᠢᠭᠤᠯᠤᠯᠲᠠ ᠶᠢ ᠨᠠᠶᠢᠳᠠᠪᠤᠷᠢᠵᠢᠭᠤᠯᠬᠤ ᠪᠠᠷ ᠳᠠᠮᠵᠢᠭᠤᠯᠵᠤ᠂ ᠨᠠᠮ ᠤᠯᠠᠨ ᠲᠦᠮᠡᠨ ᠳᠤ | ᠤᠶᠢᠯᠡᠴᠢᠯᠡᠬᠦ ᠲᠥᠪ᠂ ᠰᠣᠶᠣᠯ ᠤᠨ ᠠᠭᠤᠳᠠᠮ ᠲᠠᠯᠠᠪᠠᠢ ᠶᠢ ᠪᠠᠶᠢᠭᠤᠯᠵᠤ᠂ ᠵᠠᠮ ᠤᠨ ᠳ᠋ᠧᠩ ᠵᠡᠷᠭᠡ ᠤᠯᠠᠨ | ᠨᠡᠶᠢᠲᠡ ᠶᠢᠨ ᠲᠥᠬᠦᠭᠡᠷᠦᠮᠵᠢ ᠶᠢ ᠤᠭᠰᠠᠷᠠᠵᠤ᠂ ᠨᠣᠭᠤᠭᠠᠷᠠᠭᠤᠯᠬᠤ᠂ ᠭᠡᠷᠡᠯᠲᠦᠭᠦᠯᠬᠦ᠂ ᠤᠰᠤ ᠵᠠᠯᠠᠬᠤ ᠵᠡᠷᠭᠡ | ᠰᠠᠭᠤᠷᠢ ᠴᠢᠨᠠᠷᠲᠠᠢ ᠢᠨᠵᠧᠨᠧᠷᠢᠩ ᠢ ᠲᠡᠭᠦᠯᠳᠡᠷᠵᠢᠭᠦᠯᠵᠦ᠂ ᠲᠣᠰᠬᠤᠨ ᠤ ᠠᠷᠠᠳ ᠤᠨ ᠦᠢᠯᠡᠳᠪᠦᠷᠢᠯᠡᠯ | ᠠᠮᠢᠳᠤᠷᠠᠯ ᠤᠨ ᠨᠥᠬᠦᠴᠡᠯ ᠢ ᠲᠤᠶᠢᠯ ᠤᠨ ᠶᠡᠭᠡ ᠪᠠᠷ ᠰᠠᠶᠢᠵᠢᠷᠠᠭᠤᠯᠪᠠ᠃ ᠣᠳᠣᠬᠠᠨ ᠳᠤ᠂ ᠳᠥᠷᠪᠡᠳᠦᠭᠡᠷ ᠬᠤᠪᠢᠶᠠᠷᠢ | ᠲᠠᠯᠠᠪᠠᠢ ᠶᠢᠨ ᠭᠡᠷ ᠪᠠᠶᠢᠰᠢᠩ ᠢ ᠲᠣᠭᠤᠰᠬ᠎ᠠ ᠸᠠᠭᠠᠷᠵᠢᠭᠤᠯᠤᠭᠰᠠᠨ ᠬᠡᠮᠵᠢᠶ᠎ᠡ ᠵᠠᠭᠤᠨ ᠤ ᠵᠠᠭᠤ ᠳᠤ ᠬᠦᠷᠴᠦ᠂ ᠵᠡᠭᠡᠯᠢ | ᠭᠤᠳᠤᠮᠵᠢ ᠶᠢ ᠲᠦᠷᠪᠡᠨ ᠲᠦᠮᠡᠨ ᠲᠡᠭᠰᠢ ᠳᠥᠷᠪᠡᠯᠵᠢᠨ ᠮᠧᠲᠷ ᠬᠠᠲᠠᠭᠤᠷᠠᠭᠤᠯᠵᠤ᠂ ᠬᠤᠶᠠᠷ ᠲᠦᠮᠡ ᠲᠠᠪᠤᠨ | ᠮᠢᠩᠭᠠᠨ ᠮᠧᠲᠷ ᠬᠦᠷᠢᠶᠡᠨ ᠤ ᠬᠡᠷᠡᠮ ᠪᠠᠶᠢᠭᠤᠯᠵᠤ᠂ ᠦᠵᠡᠮᠵᠢ ᠶᠢᠨ ᠨᠣᠭᠤᠭᠠᠷᠠᠭᠤᠯᠤᠯᠲᠠ ᠶᠢᠨ ᠮᠣᠳᠣ ᠲᠦᠷᠪᠡᠨ | ᠮᠢᠩᠭ᠎ᠠ ᠭᠠᠷᠤᠢ ᠰᠠᠭᠤᠷᠢ ᠲᠠᠷᠢᠵᠤ᠂ ᠵᠡᠭᠡᠯᠢ ᠭᠤᠳᠤᠮᠵᠢ ᠴᠡᠪᠡᠷ ᠲᠡᠭᠰᠢ᠂ ᠲᠥᠯᠦᠪᠵᠢᠭᠦᠯᠭᠡ ᠲᠡᠷᠢ ᠲᠡᠭᠰᠢ ᠪᠤᠯᠵᠦ᠂ | ᠲᠣᠰᠬᠤᠨ ᠤ ᠲᠦᠷᠢ ᠳᠦᠷᠰᠦ ᠮᠡᠳᠡᠭᠳᠡᠮ᠎ᠡ ᠳᠡᠭᠡᠭᠰᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠥᠭᠴᠡᠢ︾ ᠭᠡᠵᠦ ᠬᠡᠯᠡᠪᠡ᠃ | | | | | ᠣᠶᠢᠷ᠎ᠠ ᠶᠢᠨ ᠵᠢᠯ ᠠᠴᠠ᠂ ᠪᠠᠶᠠᠷᠲᠤᠬᠤᠰᠢᠭᠤ ᠪᠠᠯᠭᠠᠰᠤ ᠶᠢᠨ ᠡᠮᠦᠨ᠎ᠡ ᠰᠠᠯᠠᠭ᠎ᠠ ᠭᠠᠴᠠᠭ᠎ᠠ ︽ᠬᠤᠨᠢ ᠶᠢ | ᠲᠣᠭᠲᠠᠪᠤᠷᠢᠵᠢᠭᠤᠯᠤᠨ ᠦᠬᠡᠷ ᠢ ᠨᠡᠮᠡᠭᠳᠡᠭᠦᠯᠬᠦ᠂ ᠦᠬᠡᠷ ᠢ ᠨᠡᠮᠡᠭᠳᠡᠭᠦᠯᠤᠨ ᠮᠠᠯ ᠠᠵᠤ ᠠᠬᠤᠢ ᠶᠢ ᠬᠥᠭᠵᠢᠭᠦᠯᠬᠦ᠂ | ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ︾ ᠪᠠᠶᠢᠯᠳᠤᠬᠤ ᠪᠣᠳᠣᠯᠭ᠎ᠠ ᠶᠢ ᠭᠦᠨᠵᠡᠭᠡᠢ | ᠬᠡᠷᠡᠭᠵᠢᠭᠦᠯᠵᠦ᠂ ᠮᠠᠯ ᠰᠦᠷᠦᠭ ᠤᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠡᠭᠦᠯᠳᠡᠷ | ᠰᠠᠶᠢᠵᠢᠷᠠᠭᠤᠯᠬᠤ ᠪᠠᠷ ᠳᠠᠮᠵᠢᠨ ᠦᠬᠡᠷ ᠤᠨ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ | ᠠᠬᠢᠭᠤᠯᠬᠤ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠰᠢᠨ᠎ᠡ ᠵᠠᠮ ᠢ ᠲᠠᠰᠤᠷᠠᠯᠳᠡ ᠦᠭᠡᠢ ᠰᠦᠪᠡᠭᠴᠢᠯᠡᠵᠦ᠂ | ᠦᠬᠡᠷ ᠤᠨ ᠰᠠᠶᠢᠨ ᠡᠭᠦᠯᠳᠡᠷ ᠢᠶᠠᠷ ᠰᠠᠶᠢᠵᠢᠷᠠᠭᠤᠯᠤᠭᠰᠠᠨ ᠨᠤᠷᠮ᠎ᠠ ᠵᠠᠭᠤᠨ ᠤ ᠵᠠᠭᠤ ᠬᠦᠷᠪᠡ᠃ ᠡᠭᠦᠨ ᠳᠤ᠂ ᠢᠤᠢ | ᠱᠠᠨ ᠤ ᠭᠡᠷ ᠪᠦᠯᠢ ᠶᠢᠨ ᠮᠠᠯᠵᠢᠯ ᠤᠨ ᠲᠠᠯᠠᠪᠠᠶ ᠨᠢ ᠲᠣᠰ ᠭᠠᠴᠠᠭᠠᠨ ᠤ ᠥᠪᠡᠰᠦᠪᠡᠨ ᠦᠷᠡᠵᠢᠭᠦᠯᠵᠦ ᠥᠪᠡᠰᠦᠪᠡᠨ | ᠪᠣᠶᠢᠵᠢᠭᠤᠯᠤᠭᠰᠠᠨ ᠨᠡᠶᠢᠲᠡᠯᠢᠭ ᠡᠷᠦᠬᠡ ᠪᠣᠯᠤᠭᠰᠠᠨ ᠤ ᠬᠤᠪᠢ ᠳᠤ᠂ ᠲᠡᠳᠡᠨ ᠤ ᠦᠬᠡᠷ ᠨᠢ ᠴᠥᠮ ᠲᠠᠷᠭᠤ ᠰᠠᠶᠢᠲᠠᠢ | ᠪᠠᠶᠢᠵᠤ᠂ ᠰᠤᠮᠤ ᠪᠠᠯᠭᠠᠰᠤ ᠲᠠᠯᠠᠪᠠᠢ ᠶᠢᠨ ᠨᠠᠮ ᠤᠨ ᠬᠤᠷᠢᠶᠠᠨ ᠤ ᠱᠦᠵᠢ ᠨᠠᠷ ᠤᠨ ᠳᠤᠮᠳᠠ ᠣᠯᠠᠨ ᠤ ᠮᠠᠭᠳᠠᠭᠠᠯ ᠢ | ᠤᠯᠪᠠ᠃ | | | | | ᠰᠢᠶᠠᠩᠱᠠᠨ ᠲᠠᠷᠢᠶᠠᠯᠠᠩ ᠤᠨ ᠲᠠᠯᠠᠪᠠᠢ ᠶᠢᠨ ᠨᠠᠮ ᠤᠨ ᠬᠤᠷᠢᠶᠠᠨ ᠤ ᠱᠦᠵᠢ ᠰᠦᠩ ᠺᠦᠨ ᠫᠧᠩ ᠠᠴᠠ᠄ ︽ | ᠨᠢᠭᠡ ᠡᠳᠦᠷ ᠤᠨ ᠲᠣᠭᠤᠷᠢᠨ ᠦᠵᠡᠬᠦ ᠪᠠᠷ ᠳᠠᠮᠵᠢᠭᠠᠳ ᠮᠠᠰᠢ ᠭᠦᠨ ᠲᠥᠷᠥᠭᠳᠡᠯ ᠲᠠᠢ ᠪᠣᠯᠵᠤ᠂ ᠬᠥᠷᠰᠢ ᠵᠡᠷᠭᠡᠯᠡᠳᠡᠭᠡ | ᠰᠤᠮᠤ ᠪᠠᠯᠭᠠᠰᠤ ᠨᠤᠭᠤᠳ ᠪᠢᠳᠡᠨ ᠤ ᠳᠠᠷᠠᠭᠠᠴᠢ ᠶᠢᠨ ᠠᠯᠬᠤᠮ ᠤᠨ ᠬᠥᠭᠵᠢᠯᠲᠡ ᠳᠤ ᠮᠠᠰᠢ ᠤᠯᠠᠨ ᠲᠤᠷᠰᠢᠯᠭ᠎ᠠ | ᠰᠤᠷᠭᠠᠮᠵᠢ ᠤᠯᠭᠤᠪᠠ᠃ ᠵᠢᠱᠢᠶᠡᠯᠡᠪᠡᠯ᠂ ᠪᠠᠶᠠᠷᠲᠤᠬᠤᠰᠢᠭᠤ ᠪᠠᠯᠭᠠᠰᠤᠨ ᠤ ᠢᠤᠢ ᠱᠠᠨ ᠤ ᠭᠡᠷ ᠪᠦᠯᠢ ᠶᠢᠨ | ᠮᠠᠯᠵᠢᠯ ᠤᠨ ᠲᠠᠯᠠᠪᠠᠶ ᠶᠢᠨ ᠡᠭᠦᠯᠳᠡᠷ ᠰᠠᠶᠢᠵᠢᠷᠠᠭᠤᠯᠤᠭᠰᠠᠨ ᠮᠡᠷᠭᠡᠵᠢᠯ ᠨᠢ ᠪᠢᠳᠡᠨ ᠤ ᠲᠠᠷᠠᠭᠠᠴᠢ ᠶᠢᠨ ᠠᠯᠬᠤᠮ ᠳᠤ | ᠦᠬᠡᠷ ᠤᠨ ᠠᠵᠤ ᠦᠢᠯᠡᠰ ᠢ ᠶᠡᠭᠡ ᠪᠠᠷ ᠬᠥᠭᠵᠢᠭᠦᠯᠬᠦ ᠳᠤ ᠡᠳᠦᠢ ᠲᠡᠳᠦᠢ ᠬᠠᠪᠰᠤᠷᠤᠯᠭ᠎ᠠ ᠪᠠ ᠮᠡᠷᠭᠡᠵᠢᠯ ᠤᠨ | ᠲᠠᠯ᠎ᠠ ᠶᠢᠨ ᠵᠢᠯᠣᠭᠤᠳᠤᠯᠭ᠎ᠠ ᠬᠠᠩᠭᠠᠭᠰᠠᠨ ᠪᠠᠶᠢᠨ᠎ᠠ᠃ ᠬᠤᠶᠢᠰᠢᠳᠠ ᠪᠢᠳᠡ ᠬᠤᠯᠪᠣᠭᠳᠠᠯ ᠪᠦᠬᠦᠢ ᠬᠥᠮᠥᠰ ᠢ | ᠵᠣᠬᠢᠶᠠᠨ ᠪᠠᠶᠢᠭᠤᠯᠤᠨ ᠨᠢᠭᠡ ᠤᠳᠠᠭᠠᠨ ᠤ ᠲᠥᠪᠯᠡᠷᠡᠩᠭᠦᠢ ᠰᠤᠷᠤᠯᠴᠠᠯᠭ᠎ᠠ ᠪᠠ ᠦᠵᠡᠭᠦᠯᠦᠯᠭᠡ ᠬᠢᠵᠦ᠂ ᠰᠢᠶᠠᠩᠱᠠᠨ | ᠲᠠᠷᠢᠶᠠᠯᠠᠩ ᠤᠨ ᠲᠠᠯᠠᠪᠠᠶ ᠶᠢᠨ ᠦᠬᠡᠷ ᠤᠨ ᠠᠵᠤ ᠦᠢᠯᠡᠰ ᠤᠨ ᠬᠥᠭᠵᠢᠯᠲᠡ ᠳᠤ ᠵᠠᠷᠢᠮ ᠮᠡᠷᠭᠡᠵᠢᠯ ᠤᠨ | ᠲᠤᠯᠭᠠᠭᠤᠷᠢᠯᠠᠯ ᠪᠠ ᠪᠠᠲᠤᠯᠠᠭ᠎ᠠ ᠬᠠᠩᠭᠠᠬᠤ ᠪᠣᠯᠣᠨ᠎ᠠ︾ ᠭᠡᠪᠡ᠃ | | | | | ᠠᠯᠢ ᠡᠷᠲᠡ 2000 ᠣᠨ ᠳᠤ᠂ ᠢᠤᠢ ᠱᠠᠨ ᠡᠭᠦᠯᠳᠡᠷ ᠰᠠᠶᠢᠵᠢᠷᠠᠭᠤᠯᠬᠤ ᠮᠡᠷᠭᠡᠵᠢᠯ ᠢ ᠡᠬᠢᠯᠡᠨ ᠰᠤᠷᠴᠤ᠂ | ᠤᠯᠠᠨ ᠤᠳᠠᠭ᠎ᠠ ᠭᠠᠳᠠᠨ᠎ᠠ ᠣᠷᠣᠨ ᠳᠤ ᠬᠦᠷᠴᠦ ᠲᠡᠷᠢᠭᠦᠨ ᠤ ᠲᠤᠷᠰᠢᠯᠭ᠎ᠠ ᠶᠢ ᠰᠤᠷᠤᠯᠴᠠᠵᠤ᠂ ᠡᠯ᠎ᠡ ᠵᠦᠢᠯ ᠤᠨ | ᠠᠷᠠᠴᠢᠯᠠᠨ ᠲᠡᠵᠢᠭᠡᠬᠦ ᠪᠠ ᠡᠭᠦᠯᠳᠡᠷ ᠰᠠᠶᠢᠵᠢᠷᠠᠭᠤᠯᠬᠤ ᠮᠡᠷᠭᠡᠵᠢᠯ ᠤᠨ ᠪᠣᠯᠪᠠᠰᠤᠷᠠᠯ ᠳᠤ ᠣᠷᠣᠯᠴᠠᠵᠤ᠂ ᠥᠪᠡᠷ ᠤᠨ | ᠭᠡᠷ ᠤᠨ ᠦᠬᠡᠷ ᠲᠡᠭᠡᠨ ᠪᠦᠲᠦᠴᠡ ᠶᠢᠨ ᠲᠣᠬᠢᠷᠠᠭᠤᠯᠤᠯᠲᠠ ᠬᠢᠬᠦ ᠶᠢᠨ ᠬᠠᠮᠲᠤ ᠡᠭᠦᠯᠳᠡᠷ ᠰᠠᠶᠢᠵᠢᠷᠠᠭᠤᠯᠬᠤ | ᠡᠷᠴᠢᠮ ᠢᠶᠠᠨ ᠴᠢᠩᠭᠠᠷᠠᠭᠤᠯᠵᠤ᠂ ᠴᠥᠭᠡᠨ ᠲᠡᠵᠢᠭᠡᠵᠦ ᠨᠠᠷᠢᠯᠢᠭ ᠲᠡᠵᠢᠭᠡᠬᠦ ᠶᠢ ᠪᠡᠶᠡᠯᠡᠭᠦᠯᠵᠦ᠂ ᠤᠳᠤ 43 | ᠦᠬᠡᠷ ᠲᠠᠢ ᠪᠠᠶᠢᠵᠤ᠂ ᠪᠦᠷ ᠰᠢᠮᠧᠨ᠋ᠲ᠋ᠠᠷ ᠲᠦᠷᠪᠡᠳᠤᠭᠡᠷ ᠦᠶ᠎ᠡ ᠶᠢᠨ ᠬᠤᠷᠴᠢᠨ ᠤᠯᠠᠭᠠᠨ ᠦᠭᠡᠷ ᠪᠤᠯᠤᠨ᠎ᠠ᠃ | ᠡᠵᠡᠩᠨᠡᠯᠲᠡ ᠶᠢᠨ ᠵᠠᠭᠪᠤᠷ ᠢᠶᠠᠨ ᠬᠤᠪᠢᠷᠠᠭᠤᠯᠤᠭᠰᠠᠨ ᠤ ᠳᠠᠷᠠᠭ᠎ᠠ᠂ ᠲᠡᠳᠡᠨ ᠤ ᠭᠡᠷ ᠤᠨ ᠦᠬᠡᠷ ᠪᠦᠷᠢ ᠶᠢᠨ ᠵᠢᠯ ᠤᠨ | ᠡᠵᠡᠩᠨᠡᠯᠲᠡ ᠶᠢᠨ ᠵᠠᠷᠤᠳᠠᠯ ᠨᠢ 5500 ︱ 6000 ᠲᠥᠭᠦᠷᠢᠭ ᠤᠨ ᠬᠤᠭᠤᠷᠣᠨᠳᠤ ᠪᠠᠶᠢᠵᠤ᠂ ᠲᠡᠵᠢᠭᠡᠪᠦᠷᠢ ᠶᠢᠨ | ᠲᠤᠭ᠎ᠠ ᠨᠢ ᠪᠠᠷᠤᠭ 20 ᠲᠣᠯᠣᠭᠠᠢ ᠬᠠᠰᠤᠭᠳᠠᠭᠰᠠᠨ ᠪᠤᠯᠪᠠᠴᠤ ᠠᠵᠤ ᠠᠬᠤᠢ ᠶᠢᠨ ᠣᠷᠣᠯᠭ᠎ᠠ ᠨᠢ ᠬᠠᠷᠢᠨ ᠬᠤᠶᠠᠷ | ᠳᠠᠬᠢᠨ ᠨᠡᠮᠡᠭᠳᠡᠪᠡ᠃ | | | | | ᠨᠢᠭᠡ ᠦᠵᠡᠭᠦᠯᠤᠯᠭᠡ ᠶᠢᠨ ᠴᠡᠭ ᠪᠣᠯ ᠨᠢᠭᠡ ᠦᠵᠡᠰᠬᠦᠯᠡᠩᠲᠦ ᠰᠠᠶᠢᠬᠠᠨ ᠦᠵᠡᠮᠵᠢ ᠪᠣᠯᠣᠨ᠎ᠠ᠂ | ᠦᠵᠡᠭᠦᠯᠤᠯᠭᠡ ᠶᠢᠨ ᠭᠠᠴᠠᠭ᠎ᠠ ᠲᠣᠰᠬᠤᠨ ᠪᠣᠯᠭᠠᠨ ᠳᠤ ᠴᠥᠮ ᠥᠪᠡᠷ ᠥᠪᠡᠷ ᠤᠨ ᠣᠨᠴᠠᠯᠢᠭ ᠲᠠᠢ ᠪᠠᠶᠢᠵᠤ᠂ ᠭᠢᠯᠠᠰ | ᠴᠡᠭ ᠵᠠᠯᠭᠠᠪᠠᠷ ᠢᠯᠡᠷᠡᠪᠡ᠃ 10 ᠴᠠᠭ ᠲᠤ 364 ᠺᠢᠯᠣᠮᠧᠲᠷ ᠠᠶᠠᠯᠠᠵᠤ᠂ 4 ᠰᠤᠮᠤ ᠪᠠᠯᠭᠠᠰᠤᠨ ᠤ 14 | ᠦᠵᠡᠭᠦᠯᠦᠯᠭᠡ ᠶᠢᠨ ᠴᠡᠭ ᠢ ᠬᠠᠮᠤᠷᠴᠤ᠂ ᠲᠦᠷᠤᠯ ᠵᠦᠢᠯ ᠢ ᠠᠳᠠᠯᠢᠳᠬᠠᠵᠤ᠂ ᠬᠥᠭᠵᠢᠯᠲᠡ ᠪᠠᠨ ᠤᠷᠤᠯᠳᠤᠵᠤ᠂ | ᠡᠷᠴᠢ ᠵᠣᠷᠢᠭ ᠢᠶᠠᠨ ᠬᠥᠪᠴᠢᠯᠡᠵᠦ᠂ ᠢᠲᠡᠭᠡᠯ ᠵᠣᠷᠢᠭ ᠢᠶᠠᠨ ᠨᠡᠮᠡᠭᠳᠡᠭᠦᠯᠪᠡ᠃ ᠬᠤᠰᠢᠭᠤᠨ ᠤ ᠨᠠᠮ ᠤᠨ ᠬᠤᠷᠢᠶᠠᠨ ᠤ | ᠱᠦᠵᠢ ᠱᠣᠸ ᠶᠠᠨ ᠵᠢᠶᠦ᠋ᠨ ᠬᠡᠯᠡᠬᠦ ᠳᠡᠭᠡᠨ᠂ ᠲᠣᠭᠤᠷᠢᠨ ᠦᠵᠡᠬᠦ ᠰᠤᠷᠭᠠᠭᠤᠯᠢᠯᠠᠯ ᠢᠶᠠᠷ ᠳᠡᠮᠵᠢᠨ᠂ ᠡᠯ᠎ᠡ ᠭᠠᠵᠠᠷ | ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠠᠷᠢᠯᠴᠠᠨ ᠰᠤᠷᠤᠯᠴᠠᠵᠤ᠂ ᠬᠠᠷᠢᠯᠴᠠᠨ ᠰᠡᠩᠬᠡᠷᠡᠭᠦᠯᠵᠦ᠂ ᠤᠯᠠᠮ ᠨᠢᠭᠡ | ᠠᠯᠬᠤᠮ ᠵᠥᠷᠢᠶ᠎ᠡ ᠪᠠᠨ ᠡᠷᠢᠵᠦ᠂ ᠳᠠᠷᠤᠯᠲᠠ ᠪᠠᠨ ᠨᠡᠮᠡᠭᠳᠡᠭᠦᠯᠦᠨ᠂ ᠬᠥᠳᠡᠯᠭᠡᠭᠦ ᠬᠦᠴᠦᠨ ᠢᠶᠠᠨ ᠬᠥᠭᠵᠢᠭᠡᠵᠦ᠂ | ᠣᠯᠠᠨ ᠢᠶᠠᠷ ᠢᠶᠠᠨ ᠦᠨᠡᠨ ᠬᠦ ᠰᠡᠳᠬᠢᠯ ᠰᠢᠭᠤᠳᠤᠨ᠂ ᠲᠠᠨᠢᠯᠲᠠ ᠪᠠᠨ ᠳᠠᠬᠢᠨ ᠳᠡᠭᠡᠭᠰᠢᠯᠡᠭᠦᠯᠵᠦ᠂ ᠣᠶᠤᠨ | ᠴᠢᠳᠠᠯ ᠢᠶᠠᠨ ᠳᠠᠬᠢᠨ ᠲᠥᠪᠯᠡᠷᠡᠭᠦᠯᠵᠦ᠂ ᠬᠦᠴᠦᠨ ᠴᠢᠳᠠᠯ ᠢᠶᠠᠨ ᠳᠠᠬᠢᠨ ᠴᠢᠩᠭᠠᠷᠠᠭᠤᠯᠵᠤ᠂ ᠡᠷᠴᠢᠮ ᠢᠶᠠᠨ ᠳᠠᠬᠢᠨ | ᠨᠡᠮᠡᠭᠳᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠰᠢᠨ᠎ᠡ | ᠥᠷᠨᠢᠯᠲᠡ ᠶᠢ ᠳᠠᠬᠢᠨᠲᠠ ᠪᠣᠶ ᠪᠣᠯᠭᠠᠬᠤ ᠶᠢ ᠬᠦᠰᠡᠵᠦ ᠪᠠᠶᠢᠨ᠎ᠠ ᠭᠡᠪᠡ᠃ | | | | | ᠠᠵᠢᠯᠯᠠᠭ᠎ᠠ ᠶᠢᠨ ᠬᠤᠭᠤᠴᠠᠭᠠᠨ ᠳᠤ᠂ ᠡᠯ᠎ᠡ ᠬᠤᠯᠪᠤᠭᠠᠯᠠᠨ ᠲᠠᠭᠠᠭᠠᠴᠢᠯᠠᠭᠰᠠᠨ ᠭᠠᠵᠠᠷ ᠤᠨ ᠲᠠᠰ ᠤᠨ | ᠤᠳᠤᠷᠢᠳᠤᠯᠭ᠎ᠠ ᠨᠠᠷ ᠪᠠᠰᠠ ᠳᠥᠷᠪᠡᠨ ᠰᠤᠮᠤ ᠪᠠᠯᠭᠠᠰᠤ ᠲᠠᠯᠠᠪᠠᠢ ᠶᠢ ᠠᠬᠤᠢ ᠲᠠᠯᠠᠪᠤᠷ ᠤᠨ ᠦᠨᠡᠯᠡᠯᠲᠡ ᠬᠢᠪᠡ᠃ | ᠲᠣᠭᠤᠷᠢᠨ ᠦᠵᠡᠬᠦ ᠰᠤᠷᠭᠠᠭᠤᠯᠢᠯᠠᠯ ᠤᠨ ᠪᠦᠯᠬᠦᠮ ᠤᠨ ᠪᠦᠷᠢᠯᠳᠦᠭᠦᠨ ᠨᠠᠷ ᠨᠠᠷᠢᠨ ᠬᠢᠨᠠᠮᠠᠭᠠᠢ ᠦᠵᠡᠵᠦ᠂ ᠨᠠᠷᠢᠨ | ᠬᠢᠨᠠᠮᠠᠭᠠᠢ ᠰᠣᠨᠣᠰᠴᠤ᠂ ᠬᠠᠷᠢᠴᠠᠭᠤᠯᠤᠯ ᠤᠨ ᠳᠤᠮᠳᠠ ᠬᠤᠪᠢᠷᠠᠯᠲᠠ ᠶᠢ ᠦᠵᠡᠵᠦ᠂ ᠵᠥᠷᠢᠶ᠎ᠡ ᠪᠠᠨ ᠡᠷᠢᠵᠦ᠂ | ᠬᠦᠷᠦᠯᠴᠡᠬᠦ ᠦᠭᠡᠢ ᠲᠠᠯ᠎ᠠ ᠪᠠᠨ ᠡᠷᠢᠵᠦ᠂ ᠲᠤᠳᠠᠭᠳᠠᠯ ᠢᠶᠠᠨ ᠨᠥᠬᠦᠪᠦᠷᠢᠯᠡᠵᠦ᠂ ︽ᠠᠳᠠᠯᠢᠳᠬᠠᠬᠤ᠂ ᠰᠤᠷᠤᠯᠴᠠᠬᠤ᠂ | ᠭᠦᠢᠴᠡᠬᠦ᠂ ᠳᠠᠪᠠᠭ᠋ᠤ︾ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠪᠠ᠃ ᠤᠯᠠᠨ ᠢᠶᠠᠷ ᠢᠶᠠᠨ᠂ ᠲᠤᠰ | ᠤᠳᠠᠭ᠎ᠠ ᠶᠢᠨ ᠲᠣᠭᠤᠷᠢᠨ ᠦᠵᠡᠬᠦ ᠰᠤᠷᠭᠠᠭᠤᠯᠢᠯᠠᠯ ᠢᠶᠠᠷ ᠠᠵᠠ ᠲᠣᠬᠢᠶᠠᠯ ᠪᠣᠯᠭᠠᠵᠤ᠂ ᠲᠤᠯᠭᠠᠮ᠎ᠠ ᠰᠡᠳᠬᠢᠯᠭᠡ᠂ | ᠬᠠᠷᠢᠭᠤᠴᠠᠯᠭᠠᠲᠤ ᠪᠤᠳᠤᠯ ᠢᠶᠠᠨ ᠴᠢᠨᠠᠭᠰᠢᠳᠠ ᠴᠢᠩᠭᠠᠳᠬᠠᠵᠤ᠂ ᠪᠦᠬᠦ ᠬᠤᠰᠢᠭᠤᠨ ᠤ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ | ᠢᠯᠡᠳᠬᠡᠵᠡᠭᠡᠪᠡ᠃ | | | | | ᠪᠠᠶᠠᠨᠲᠠᠯ᠎ᠠ ᠰᠤᠮᠤ ᠶᠢᠨ ᠨᠠᠮ ᠤᠨ ᠬᠤᠷᠢᠶᠠᠨ ᠤ ᠱᠦᠵᠢ ᠵᠤᠤ ᠴᠧᠩ ᠶᠠᠨ ᠠᠴᠠ᠄ ︽ᠥᠨᠥᠳᠥᠷ ᠤᠨ | ᠦᠵᠡᠭᠦᠯᠤᠯᠭᠡ ᠳᠤ ᠣᠷᠣᠯᠴᠠᠭᠰᠠᠨ ᠠᠴᠠ ᠪᠢ ᠪᠠᠶᠠᠨᠲᠠᠯ᠎ᠠ ᠰᠤᠮᠤ ᠪᠣᠯᠣᠨ ᠪᠤᠰᠤᠳ ᠰᠤᠮᠤ ᠪᠠᠯᠭᠠᠰᠤ ᠯᠤᠭ᠎ᠠ ᠶᠢᠨ | ᠵᠥᠷᠢᠶ᠎ᠡ ᠶᠢ ᠤᠯᠵᠦ ᠮᠡᠳᠡᠪᠡ᠂ ᠣᠨᠴᠠᠭᠠᠶᠢᠯᠠᠨ ᠦᠬᠡᠷ ᠤᠨ ᠠᠵᠤ ᠦᠢᠯᠡᠰ ᠤᠨ ᠬᠥᠭᠵᠢᠯᠲᠡ ᠪᠣᠯᠣᠨ ᠵᠤᠭᠠᠴᠠᠯ ᠤᠨ | ᠵᠢᠵᠢᠭ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠪᠠᠶᠠᠨᠲᠠᠯ᠎ᠠ ᠰᠤᠮᠤ ᠶᠢᠨ ᠬᠥᠭᠵᠢᠯᠲᠡ ᠶᠢᠨ ᠲᠤᠬᠠᠢ | ᠨᠡᠩ ᠥᠷᠭᠡᠨ ᠰᠡᠳᠬᠢᠴᠡ ᠲᠠᠢ ᠪᠤᠯᠪᠠ᠃ ᠲᠠᠷᠠᠭᠠᠴᠢ ᠶᠢᠨ ᠠᠯᠬᠤᠮ ᠳᠤ᠂ ᠪᠢᠳᠡ ᠵᠥᠷᠢᠶ᠎ᠡ ᠪᠠᠨ ᠬᠠᠷᠢᠴᠠᠭᠤᠯᠤᠨ | ᠲᠤᠳᠠᠭᠳᠠᠯ ᠢᠶᠠᠨ ᠨᠥᠬᠦᠪᠦᠷᠢᠯᠡᠵᠦ᠂ ᠣᠲᠣ ᠶᠢᠨ ᠪᠠᠶᠢᠭ᠎ᠠ ᠡᠬᠢ ᠪᠠᠶᠠᠯᠢᠭ ᠤᠨ ᠳᠠᠪᠠᠭᠤᠯᠢᠭ ᠪᠠ ᠣᠷᠣᠨ ᠪᠠᠶᠢᠷᠢ ᠶᠢᠨ | ᠳᠠᠪᠠᠭᠤᠯᠢᠭ ᠢᠶᠠᠨ ᠪᠠᠳᠠᠷᠠᠭᠤᠯᠤᠨ ᠰᠢᠪᠲᠤᠯᠤᠯᠲᠠ ᠶᠢᠨ ᠴᠡᠭ ᠢ ᠣᠨᠣᠪᠴᠢᠲᠠᠶ ᠡᠷᠢᠨ ᠣᠯᠵᠤ᠂ ᠵᠠᠩᠭᠢᠯᠠᠭ᠎ᠠ ᠶᠢᠨ | ᠴᠡᠭ ᠢ ᠠᠳᠬᠤᠨ ᠠᠪᠴᠤ᠂ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ ᠳᠠᠶᠢᠴᠢᠯᠠᠨ ᠬᠥᠭᠵᠢᠯᠲᠡ ᠶᠢᠨ ᠬᠦᠰᠡᠯ | ᠱᠠᠭᠠᠷᠳᠠᠯᠭ᠎ᠠ ᠪᠠᠨ ᠡᠷᠡᠯᠬᠡᠭᠯᠡᠨ ᠤᠷᠤᠭᠰᠢᠯᠠᠬᠤ ᠬᠥᠳᠡᠯᠭᠡᠭᠦ ᠬᠦᠴᠦᠨ ᠪᠣᠯᠭᠠᠵᠤ᠂ ᠰᠢᠯᠢᠳᠡᠭ ᠬᠢᠷᠢ ᠪᠦᠲᠦᠮᠵᠢ ᠪᠠᠷ | ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠳᠤ ᠨᠢᠭᠡ ᠬᠤᠪᠢ ᠬᠠᠨᠤᠮᠵᠢᠲᠠᠶ | ᠬᠠᠷᠢᠭᠤᠯᠲᠠ ᠶᠢᠨ ᠬᠠᠭᠤᠳᠠᠰᠤ ᠲᠤᠰᠢᠶᠠᠨ᠎ᠠ︾ ᠭᠡᠪᠡ᠃ |